ᠬᠥᠯᠥᠨ ᠪᠤᠶᠢᠷ ᠬᠤᠲᠠ ᠶᠢᠨ ᠲᠠᠷᠢᠶᠠᠨ ᠭᠠᠵᠠᠷ ᠢ ︽ᠠᠮᠤ ᠪᠤᠳᠠᠭᠠᠨ ᠪᠤᠰᠤᠴᠢᠯᠠᠬᠤ︾ ᠶᠢ ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ ︵ᠵᠢᠷᠭᠤᠭ᠎ᠠ︶
ᠨᠡᠶᠢᠲᠡᠯᠡᠭᠰᠡᠨ ᠴᠠᠭ᠄
2021/5/10
     ᠨᠠᠢᠮᠠ᠂ ᠠᠲᠠᠷᠰᠢᠭᠤᠯᠤᠭᠰᠠᠨ ᠭᠠᠵᠠᠷ ᠢ ᠨᠢᠭᠡᠳᠦᠯᠲᠡᠶ ᠲᠥᠯᠥᠪᠯᠡᠨ ᠠᠰᠢᠭᠯᠠᠵᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠠᠬᠢᠭᠤᠯᠬᠤ ᠬᠡᠷᠡᠭᠲᠡᠶ      ᠪᠥᠬᠦ ᠬᠤᠲᠠ ᠶᠢᠨ ᠲᠠᠷᠢᠶᠠᠨ ᠭᠠᠵᠠᠷ ᠢ ᠠᠲᠠᠷᠰᠢᠭᠤᠯᠤᠭᠰᠠᠨ ᠦᠨᠳᠦᠰᠦᠨ ᠪᠠᠶᠢᠳᠠᠯ ᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠨ ᠭᠠᠵᠠᠷ ᠢ ᠠᠲᠠᠷᠰᠢᠭᠤᠯᠤᠭᠰᠠᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠤᠶᠢᠯᠠᠭᠠᠨ ᠲᠤᠳᠤᠯᠠᠨ᠎ᠠ᠃ ᠬᠤᠵᠢᠷᠰᠢᠭᠰᠠᠨ᠂ ᠡᠯᠡᠰᠦᠷᠬᠡᠭᠵᠢᠭᠰᠡᠨ ᠪᠠ ᠤᠰᠤᠨ ᠰᠤᠷᠪᠤᠯᠵᠢ ᠬᠦᠷᠦᠯᠴᠡᠬᠦ ᠦᠭᠡᠶ ᠵᠡᠷᠭᠡ ᠰᠢᠯᠲᠠᠭᠠᠨ ᠠᠴᠠ ᠪᠣᠯᠵᠤ ᠲᠠᠷᠢᠶᠠᠯᠠᠬᠤ ᠨᠥᠬᠦᠴᠡᠯ ᠢᠶᠠᠷ ᠨᠡᠯᠢᠶᠡᠳ ᠠᠨᠠᠶ ᠠᠲᠠᠷᠰᠢᠭᠤᠯᠤᠭᠰᠠᠨ ᠭᠠᠵᠠᠷ ᠲᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠬᠤ ᠨᠥᠬᠦᠴᠡᠯ ᠢ ᠰᠠᠶᠢᠵᠢᠷᠠᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠬᠥᠭᠵᠢᠭᠦᠯᠬᠦ ᠬᠡᠷᠡᠭᠲᠡᠶ᠃ ᠣᠷᠳᠣ ᠬᠤᠭᠤᠴᠠᠭ᠎ᠠ ᠪᠠᠷ ᠭᠠᠳᠠᠭᠰᠢ ᠭᠠᠷᠴᠤ ᠬᠦᠴᠦ ᠶᠠᠪᠤᠭᠰᠠᠨ᠂ ᠬᠡᠷ ᠲᠡᠭᠡᠨ ᠬᠥᠳᠡᠯᠮᠦᠷᠢ ᠬᠦᠴᠦᠨ ᠥᠬᠡᠶ ᠠᠴᠠ ᠪᠤᠯᠵᠤ ᠠᠲᠠᠷᠰᠢᠭᠤᠯᠤᠭᠰᠠᠨ ᠭᠠᠵᠠᠷ ᠲᠤ᠂ ᠠᠲᠠᠷᠰᠢᠭᠤᠯᠤᠭᠰᠠᠨ ᠲᠠᠷᠢᠶᠠᠴᠢᠨ ᠡᠷᠦᠬᠡ ᠳᠤ ᠲᠦᠷᠢᠶᠡᠰᠦᠯᠡᠭᠦᠯᠬᠦ ︵ᠰᠢᠯᠵᠢᠭᠦᠯᠦᠨ ᠳᠠᠭᠠᠭᠠᠴᠢᠯᠠᠭᠤᠯᠬᠤ︶᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠠᠪᠴᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠵᠦ᠂ ᠵᠣᠬᠢᠬᠤ ᠬᠡᠪᠴᠢᠶᠡᠲᠦ ᠡᠵᠡᠩᠨᠡᠯᠲᠡ ᠶᠢ ᠬᠦᠭᠵᠢᠬᠦᠯᠬᠦ ᠶᠢ ᠳᠠᠶᠢᠴᠢᠯᠠᠨ᠎ᠠ᠃ ᠬᠤᠶᠠᠷ ᠵᠢᠯ ᠠᠴᠠ ᠳᠡᠭᠡᠭᠰᠢ ᠠᠲᠠᠷᠰᠢᠭᠤᠯᠤᠭᠰᠠᠨ ᠪᠠᠶᠢᠪᠠᠯ᠂ ᠳᠠᠭᠠᠭᠠᠴᠢᠯᠠᠭᠴᠢ ᠨᠢ ᠵᠣᠬᠢᠰᠲᠠᠢ ᠬᠤᠭᠤᠴᠠᠭᠠᠨ ᠳᠣᠲᠣᠷ᠎ᠠ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠡᠷᠭᠢᠯᠳᠦᠭᠦᠯᠬᠦ ᠭᠡᠷ᠎ᠡ ᠶᠢ ᠲᠠᠶᠢᠯᠤᠭᠰᠠᠨ ᠦᠭᠡᠢ ᠲᠠᠷᠢᠶᠠᠨ ᠭᠠᠵᠠᠷ ᠢ ᠳᠠᠭᠠᠭᠠᠴᠢᠯᠠᠭᠤᠯᠤᠭᠴᠢ ᠨᠢ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠡᠷᠭᠢᠯᠳᠦᠭᠦᠯᠬᠦ ᠭᠡᠷ᠎ᠡ ᠶᠢ ᠳᠠᠭᠤᠰᠬᠠᠬᠤ ᠪᠠᠷ ᠱᠠᠭᠠᠷᠳᠠᠬᠤ ᠡᠷᠬᠡ ᠲᠠᠢ᠃ ᠲᠠᠷᠢᠶᠠᠨ ᠭᠠᠵᠠᠷ ᠤᠨ ᠬᠦᠴᠦ ᠰᠢᠮ᠎ᠡ ᠶᠢ ᠬᠠᠮᠠᠭᠠᠯᠠᠬᠤ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠠᠲᠠᠷᠰᠢᠭᠤᠯᠤᠭᠰᠠᠨ ᠭᠠᠵᠠᠷ ᠲᠤ ᠨᠥᠬᠦᠪᠥᠷᠢ ᠥᠭᠬᠦ ᠶᠢ ᠵᠣᠭᠰᠣᠭᠠᠨ᠎ᠠ᠃ ᠠᠲᠠᠷᠰᠢᠭᠤᠯᠤᠭᠰᠠᠨ ᠭᠠᠵᠠᠷ ᠢ ᠳᠠᠬᠢᠨ ᠬᠠᠭᠠᠯᠪᠤᠷᠢᠯᠠᠬᠤ ᠪᠠ ᠳᠠᠬᠢᠨ ᠲᠠᠷᠢᠶᠠᠯᠠᠬᠤ ᠮᠡᠷᠭᠡᠵᠢᠯ ᠤᠨ ᠵᠢᠯᠣᠭᠤᠳᠣᠯᠭ᠎ᠠ ᠶᠢ ᠴᠢᠩᠭᠠᠳᠬᠠᠵᠤ᠂ ᠣᠷᠣᠯᠠᠨ ᠲᠠᠷᠢᠶᠠᠯᠠᠬᠤ᠂ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠦᠨ᠎ᠡ᠃ ᠤᠬᠠᠭᠤᠯᠤᠨ ᠬᠦᠲᠦᠯᠬᠦ ᠡᠷᠴᠢᠮ ᠢᠶᠠᠨ ᠴᠢᠩᠭᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠲᠠᠷᠢᠶᠠᠨ ᠭᠠᠵᠠᠷ ᠢ ᠠᠲᠠᠷᠰᠢᠭᠤᠯᠬᠤ ᠶᠢ ᠬᠤᠷᠢᠭᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃     ᠶᠢᠰᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠣᠰ ᠭᠠᠵᠠᠷ ᠣᠷᠣᠨ ᠤ ᠪᠠᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠮᠤ ᠪᠤᠳᠠᠭ᠎ᠠ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠬᠤ ᠬᠡᠷᠡᠭᠲᠡᠶ᠃ ᠲᠠᠷᠢᠶᠠᠨ ᠭᠠᠵᠠᠷ ᠤᠨ ︽ᠠᠮᠤ ᠪᠤᠳᠠᠭᠠᠨ ᠪᠤᠰᠤᠴᠢᠯᠠᠬᠤ︾ ᠨᠡᠮᠡᠭᠳᠡᠯ ᠢ ᠡᠷᠡᠰ ᠬᠤᠷᠢᠭᠯᠠᠬᠤ ᠶᠢᠨ ᠬᠠᠮᠲᠤ ᠬᠠᠳᠠᠭᠠᠯᠠᠯᠲᠠ ᠶᠢᠨ ᠠᠰᠠᠭᠤᠳᠠᠯ ᠤᠨ ᠪᠠᠶᠢᠳᠠᠯ ᠢ ᠤᠶᠢᠯᠠᠭᠠᠨ ᠲᠤᠳᠤᠯᠠᠵᠤ᠂ ᠪᠣᠳᠠᠲᠠᠢ ᠠᠴᠠ ᠡᠭᠦᠰᠦᠨ ᠲᠦᠷᠦᠯ ᠬᠤᠪᠢᠶᠠᠨ ᠰᠢᠢᠳᠪᠦᠷᠢᠯᠡᠬᠦ ᠰᠠᠨᠠᠯ ᠳᠤᠷᠠᠳᠬᠤ ᠬᠡᠷᠡᠭᠲᠡᠢ᠂ ︽ᠨᠢᠭᠡ ᠯᠡ ᠠᠳᠠᠯᠢ ᠪᠠᠷ ᠱᠠᠭᠠᠷᠳᠠᠵᠤ︾ ᠪᠣᠯᠬᠤ ᠦᠭᠡᠢ᠃ ᠬᠥᠭᠵᠢᠭᠦᠯᠦᠯᠲᠡ ᠥᠭᠡᠷᠡᠴᠢᠯᠡᠯᠲᠡ᠂ ᠲᠠᠷᠢᠶᠠᠯᠠᠩ ᠮᠠᠯ ᠠᠵᠤ ᠠᠬᠤᠶ᠂ ᠪᠠᠶᠢᠭᠠᠯᠢ ᠶᠢᠨ ᠡᠬᠢ ᠪᠠᠶᠠᠯᠢᠭ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠵᠡᠷᠭᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠠᠷᠢᠶᠠᠨ ᠭᠠᠵᠠᠷ ᠤᠨ ︽ᠠᠮᠤ ᠪᠤᠳᠠᠭᠠᠨ ᠪᠤᠰᠤᠴᠢᠯᠠᠬᠤ︾ ᠶᠢ ᠰᠡᠷᠭᠡᠶᠢᠯᠡᠬᠦ ᠶᠢ ᠠᠮᠤ ᠪᠤᠳᠠᠭᠠᠨ ᠤ ᠠᠮᠤᠷ ᠲᠦᠪᠰᠢᠨ ᠤ ᠬᠤᠰᠢᠭᠤ ᠬᠤᠲᠠ ᠲᠣᠭᠤᠷᠢᠭ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠬᠦᠷᠢᠶ᠎ᠡ ᠬᠡᠪᠴᠢᠶ᠎ᠡ ᠳᠤ ᠣᠷᠣᠭᠤᠯᠵᠤ᠂ ᠠᠮᠤ ᠪᠤᠳᠠᠭ᠎ᠠ ᠳᠠᠷᠢᠬᠤ ᠲᠠᠯᠠᠪᠠᠶ᠂ ᠤᠨᠠᠯᠲᠠ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠭᠦᠢᠴᠡᠳᠬᠡᠯ ᠲᠤᠭ᠎ᠠ ᠶᠢᠨ ᠰᠢᠯᠭᠠᠨ ᠬᠢᠨᠠᠬᠤ ᠬᠤᠪᠢ ᠶᠢᠨ ᠵᠢᠩ ᠢ ᠵᠣᠬᠢᠰᠲᠠᠶ ᠳᠡᠭᠡᠭᠰᠢᠯᠡᠭᠦᠯᠦᠨ᠂ ᠠᠮᠤ ᠪᠤᠳᠠᠭ᠎ᠠ ᠶᠢᠨ ᠭᠤᠤᠯ ᠤᠨᠠᠯᠲᠠ ᠶᠢᠨ ᠣᠷᠣᠨ ᠪᠠ ᠭᠤᠤᠯ ᠤᠨᠠᠯᠲᠠ ᠶᠢᠨ ᠪᠤᠰᠤ ᠣᠷᠣᠨ ᠳᠤ ᠵᠦᠷᠢᠶᠡᠴᠢᠯᠡᠭᠰᠡᠨ ᠰᠢᠯᠭᠠᠨ ᠬᠢᠨᠠᠬᠤ ᠶᠢ ᠬᠡᠷᠡᠭᠵᠢᠭᠦᠯᠵᠦ᠂ ᠠᠮᠵᠢᠯᠲᠠ ᠪᠦᠲᠦᠮᠵᠢ ᠲᠣᠪᠤᠶᠢᠮ᠎ᠠ ᠭᠠᠵᠠᠷ ᠣᠷᠣᠨ ᠢ ᠵᠣᠷᠢᠭᠵᠢᠭᠤᠯᠤᠨ ᠰᠠᠶᠢᠰᠢᠶᠠᠵᠤ᠂ ᠨᠠᠶᠢᠳᠠᠪᠤᠷᠢᠵᠢᠭᠤᠯᠤᠯᠲᠠ ᠪᠠᠷ ᠬᠦᠷᠦᠯᠴᠡᠬᠦ ᠥᠬᠡᠶ ᠭᠠᠵᠠᠷ ᠣᠷᠣᠨ ᠢ ᠵᠠᠷᠯᠠᠨ ᠮᠡᠳᠡᠭᠳᠡᠵᠦ ᠪᠣᠯᠵᠣᠨ ᠶᠠᠷᠢᠯᠴᠠᠬᠤ ᠵᠡᠷᠭᠡ ᠬᠡᠯᠪᠡᠷᠢ ᠪᠠᠷ ᠴᠢᠩᠭ᠎ᠠ ᠱᠠᠯᠠᠪᠳᠠᠭᠤᠯᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠪᠠᠯᠠ ᠮᠥᠩᠭᠦ ᠶᠢᠨ ᠳᠡᠮᠵᠢᠯᠭᠡ ᠲᠠᠢ ᠪᠦᠲᠦᠮᠵᠢᠳᠡᠢ ᠵᠤᠯᠭᠠᠯᠴᠠᠭᠤᠯᠤᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号