ᠬᠥᠯᠥᠨ ᠪᠤᠶᠢᠷ ᠬᠤᠲᠠ ᠶᠢᠨ ᠲᠠᠷᠢᠶᠠᠨ ᠭᠠᠵᠠᠷ ᠢ ︽ᠠᠮᠤ ᠪᠤᠳᠠᠭᠠᠨ ᠪᠤᠰᠤᠴᠢᠯᠠᠬᠤ︾ ᠶᠢ ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ ︵ᠳᠣᠯᠤᠭ᠎ᠠ︶
ᠨᠡᠶᠢᠲᠡᠯᠡᠭᠰᠡᠨ ᠴᠠᠭ᠄
2021/5/10
    ︵ᠬᠤᠶᠠᠷ︶ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠬᠡᠷᠡᠭᠲᠡᠶ      ᠲᠥᠷᠥ ᠶᠢᠨ ᠪᠣᠳᠣᠯᠭ᠎ᠠ ᠪᠡᠯᠡ ᠮᠥᠩᠭᠦ ᠶᠢᠨ ᠳᠡᠮᠵᠢᠯᠭᠡ ᠶᠢ ᠴᠢᠩᠭᠠᠷᠠᠭᠤᠯᠤᠨ᠂ ᠠᠮᠤ ᠪᠤᠳᠠᠭᠠᠨ ᠤ ᠤᠨᠠᠯᠲᠠ ᠶᠡᠬᠡᠲᠡᠶ ᠰᠢᠶᠠᠨ ᠢ ᠱᠠᠩᠨᠠᠬᠤ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠭᠤᠣᠯ ᠤᠨᠠᠯᠲᠠ ᠶᠢᠨ ᠣᠷᠣᠨ ᠪᠣᠯᠤᠨ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠢ ᠲᠦᠷᠦᠯ ᠵᠦᠢᠯ ᠢᠶᠠᠷ ᠳᠡᠮᠵᠢᠬᠦ ᠶᠢ ᠡᠩ ᠲᠡᠷᠢᠬᠦᠨ ᠳᠤ ᠲᠤᠬᠢᠷᠠᠭᠤᠯᠵᠤ᠂ ᠡᠮᠬᠢᠯᠡᠨ ᠨᠡᠶᠢᠯᠡᠭᠦᠯᠦᠨ᠎ᠡ᠃ ᠡᠯ᠎ᠡ ᠬᠤᠰᠢᠭᠤ ᠬᠤᠲᠠ ᠲᠣᠭᠤᠷᠢᠭ ᠪᠣᠳᠠᠲᠤ ᠪᠠᠶᠢᠳᠠᠯ ᠢᠶᠠᠨ ᠦᠨᠳᠦᠰᠦᠯᠡᠨ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠲᠥᠷᠥ ᠶᠢᠨ ᠪᠣᠳᠣᠯᠭ᠎ᠠ ᠨᠡᠶᠢᠲᠡᠯᠡᠵᠦ᠂ ᠲᠠᠷᠢᠶᠠᠯᠠᠩ ᠢ ᠳᠡᠮᠵᠢᠵᠦ ᠲᠠᠷᠢᠶᠠᠴᠢᠳ ᠢ ᠬᠠᠷᠠᠭᠠᠯᠵᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠡᠷᠲᠡᠬᠡᠨ ᠰᠦᠪᠡᠭᠴᠢᠯᠡᠨ᠂ ᠶᠡᠬᠡᠪᠡᠷ ᠤᠬᠠᠭᠤᠯᠵᠤ᠂ ᠡᠯ᠎ᠡ ᠬᠤᠰᠢᠭᠤ ᠬᠤᠲᠠ ᠲᠣᠭᠤᠷᠢᠭ ᠤᠨ ᠲᠠᠷᠢᠶᠠᠯᠠᠩ ᠢ ᠴᠢᠬᠤᠯᠠᠴᠢᠯᠠᠨ ᠠᠮᠤ ᠪᠤᠳᠠᠭ᠎ᠠ ᠶᠢ ᠠᠳᠬᠤᠬᠤ᠂ ᠲᠠᠷᠢᠶᠠᠴᠢᠳ ᠤᠨ ᠲᠠᠷᠢᠶᠠᠨ ᠠᠵᠢᠯ ᠬᠢᠵᠦ ᠠᠮᠤ ᠪᠤᠳᠠᠭ᠎ᠠ ᠳᠠᠷᠢᠬᠤ ᠢᠳᠡᠪᠬᠢᠵᠢᠯ ᠢ ᠬᠦᠴᠦᠯᠡᠨ ᠬᠠᠮᠠᠭᠠᠯᠠᠵᠤ ᠳᠠᠶᠢᠴᠢᠯᠠᠬᠤ ᠬᠡᠷᠡᠭᠲᠡᠶ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠦ ᠣᠷᠣᠨ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠡᠷᠴᠢᠮ ᠢ ᠨᠡᠮᠡᠭᠳᠡᠭᠦᠯᠵᠦ᠂ ᠬᠠᠮᠢᠶ᠎ᠠ ᠪᠦᠬᠦᠢ ᠲᠠᠷᠢᠶᠠᠯᠠᠩ ᠤᠨ ᠪᠡᠯᠡ ᠮᠥᠩᠭᠦ ᠶᠢ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠦ ᠣᠷᠣᠨ ᠲᠡᠰᠢ ᠬᠡᠯᠪᠠᠶᠢᠯᠭᠡᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠦ ᠣᠷᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠩ ᠲᠡᠷᠢᠭᠦᠨ ᠳᠤ ᠥᠷᠨᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠦ ᠣᠷᠣᠨ ᠳᠤ ᠬᠠᠷᠠᠯᠲᠠᠲᠤ ᠲᠠᠷᠢᠮᠠᠯ ᠲᠠᠷᠢᠬᠤ ᠶᠢ ᠤᠷᠢᠳᠠᠪᠠᠷ ᠳᠡᠮᠵᠢᠬᠦ ᠬᠡᠷᠡᠭᠲᠡᠶ᠃      ᠠᠮᠤ ᠪᠤᠳᠠᠭ᠎ᠠ ᠳᠠᠷᠢᠬᠤ ᠭᠤᠤᠯ ᠴᠣᠭᠴᠠ ᠶᠢᠨ ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ ᠶᠢ ᠴᠢᠩᠭᠠᠳᠬᠠᠵᠤ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠶᠠᠴᠢᠳ ᠤᠨ ᠬᠤᠷᠰᠢᠶᠠᠵᠢᠯ ᠤᠨ ᠠᠮᠤ ᠪᠤᠳᠠᠭ᠎ᠠ ᠶᠢᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ ᠶᠢ ᠳᠡᠮᠵᠢᠵᠦ᠂ ᠣᠷᠣᠯᠠᠨ ᠲᠠᠷᠢᠶᠠᠯᠠᠬᠤ᠂ ᠨᠢᠭᠡᠳᠦᠯᠲᠡᠶ ᠰᠡᠷᠭᠡᠶᠢᠯᠡᠨ ᠨᠢᠭᠡᠳᠦᠯᠲᠡᠶ ᠵᠠᠰᠠᠬᠤ᠂ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠭᠡ ᠪᠠᠷ ᠳᠡᠯᠭᠡᠷᠡᠭᠦᠯᠵᠦ᠂ ᠠᠮᠤ ᠪᠤᠳᠠᠭ᠎ᠠ ᠳᠠᠷᠢᠬᠤ ᠬᠡᠪᠴᠢᠶ᠎ᠡ ᠦᠷ᠎ᠡ ᠠᠰᠢᠭ ᠢ ᠳᠡᠭᠡᠭᠰᠢᠯᠡᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠲᠠᠷᠢᠶᠠᠯᠠᠩ ᠤᠨ ᠶᠡᠭᠡ ᠭᠠᠮᠰᠢᠭ ᠤᠨ ᠳᠠᠭᠠᠳᠬᠠᠯ ᠤᠨ ᠲᠤᠷᠰᠢᠯᠲᠠ ᠶᠢ ᠴᠠᠭ ᠲᠤᠨᠢ ᠲᠣᠬᠢᠷᠠᠭᠤᠯᠤᠨ ᠥᠷᠭᠡᠳᠬᠡᠵᠦ᠂ ᠡᠷᠳᠡᠨᠢ ᠰᠢᠰᠢ ᠶᠢᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠤᠨ ᠲᠤᠷᠰᠢᠯᠲᠠ ᠶᠢᠨ ᠴᠡᠭ ᠢ ᠠᠬᠢᠭᠤᠯᠬᠤ ᠬᠡᠷᠡᠭᠲᠡᠶ᠃ ᠠᠮᠤ ᠪᠤᠳᠠᠭᠠᠨ ᠤ ᠦᠢᠯᠡᠳᠪᠦᠷᠢᠯᠡᠯ ᠤᠨ ᠪᠠᠭᠤᠷᠠᠶ ᠲᠠᠯ᠎ᠠ ᠶᠢ ᠮᠠᠰᠢᠨᠴᠢᠯᠠᠬᠤ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠶᠢ ᠥᠷᠨᠢᠭᠦᠯᠵᠦ᠂ ᠤᠰᠤᠨ ᠲᠤᠲᠤᠷᠭ᠎ᠠ ᠶᠢ ᠥᠨᠳᠥᠷ ᠬᠤᠷᠳᠤᠴᠠᠲᠤ ᠮᠠᠰᠢᠨ ᠢᠶᠠᠷ ᠬᠠᠳᠬᠤᠬᠤ᠂ ᠡᠷᠳᠡᠨᠢ ᠰᠢᠰᠢ ᠶᠢᠨ ᠮᠦᠬᠦᠯᠢᠭ ᠢ ᠮᠠᠰᠢᠨ ᠢᠶᠠᠷ ᠬᠤᠷᠢᠶᠠᠬᠤ ᠵᠡᠷᠭᠡ ᠮᠡᠷᠭᠡᠵᠢᠯ ᠢ ᠶᠡᠬᠡᠪᠡᠷ ᠳᠡᠯᠭᠡᠷᠡᠭᠦᠯᠬᠦ ᠬᠡᠷᠡᠭᠲᠡᠶ᠃ ᠠᠮᠤ ᠪᠤᠳᠠᠭᠠᠨ ᠤ ᠤᠨᠠᠯᠲᠠ ᠶᠢᠨ ᠳᠠᠷᠠᠭᠠᠬᠢ ᠬᠠᠭᠰᠠᠭᠠᠬᠤ᠂ ᠡᠳ᠋ᠰᠢᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠠᠮᠤ ᠪᠤᠳᠠᠭᠠᠨ ᠤ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号