ᠬᠥᠯᠥᠨ ᠪᠤᠶᠢᠷ ᠬᠤᠲᠠ ᠶᠢᠨ ᠲᠠᠷᠢᠶᠠᠨ ᠭᠠᠵᠠᠷ ᠢ ︽ᠠᠮᠤ ᠪᠤᠳᠠᠭᠠᠨ ᠪᠤᠰᠤᠴᠢᠯᠠᠬᠤ︾ ᠶᠢ ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ ︵ᠨᠠᠢᠮᠠ︶
ᠨᠡᠶᠢᠲᠡᠯᠡᠭᠰᠡᠨ ᠴᠠᠭ᠄
2021/5/10
     ︵ᠭᠤᠷᠪᠠ︶ ᠲᠠᠷᠢᠶᠠᠨ ᠭᠠᠵᠠᠷ ᠤᠨ ᠠᠮᠤ ᠪᠤᠳᠠᠭᠠᠨ ᠤ ᠲᠠᠷᠢᠯᠳᠠ ᠶᠢᠨ ᠪᠠᠶᠢᠳᠠᠯ ᠤᠨ ᠬᠢᠨᠠᠨ ᠬᠡᠮᠵᠢᠯᠳᠡ ᠪᠠᠨ ᠴᠢᠩᠭᠠᠳᠬᠠᠨ᠎ᠠ᠃ ᠡᠯ᠎ᠡ ᠬᠤᠰᠢᠭᠤ ᠬᠤᠲᠠ ᠲᠣᠭᠤᠷᠢᠭ ᠤᠳ ᠣᠷᠣᠨ ᠪᠦᠰᠡ ᠶᠢᠨ ᠳᠣᠲᠣᠷᠠᠬᠢ ᠲᠠᠷᠢᠶᠠᠨ ᠭᠠᠵᠠᠷ ᠤᠨ ᠠᠮᠤ ᠪᠤᠳᠠᠭ᠎ᠠ ᠲᠠᠷᠢᠵᠤ ᠪᠠᠶᠢᠭ᠎ᠠ ᠪᠠᠶᠢᠳᠠᠯ ᠢ ᠬᠥᠳᠡᠯᠦᠩᠭᠦᠶ ᠪᠠᠷ ᠬᠢᠨᠠᠨ ᠬᠡᠮᠵᠢᠵᠦ ᠦᠨᠡᠯᠡᠨ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠴᠢᠬᠤᠯᠠ ᠶᠡᠭᠡ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃      ︵ᠳᠥᠷᠪᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ᠬᠤᠲᠠ ᠲᠣᠭᠤᠷᠢᠭ ᠲᠣᠰ ᠰᠠᠨᠠᠯ ᠤᠨ ᠱᠠᠭᠠᠷᠳᠠᠯᠭ᠎ᠠ ᠶᠣᠰᠣᠭᠠᠷ᠂ ᠥᠪᠡᠰᠦᠪᠡᠨ ᠪᠠᠶᠢᠴᠠᠭᠠᠬᠤ ᠶᠢ ᠰᠠᠶᠢᠲᠤᠷ ᠬᠢᠵᠦ᠂ ᠰᠠᠭᠤᠷᠢ ᠲᠤᠭ᠎ᠠ ᠶᠢ ᠤᠶᠢᠯᠠᠭᠠᠨ ᠲᠤᠳᠤᠯᠠᠵᠤ᠂ ᠪᠣᠳᠠᠲᠠᠶ ᠬᠡᠷᠡᠭᠵᠢᠭᠦᠯᠬᠦ ᠲᠥᠰᠦᠯ ᠢ ᠱᠠᠯᠠᠪᠳᠠᠨ ᠲᠣᠭᠲᠠᠭᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠰᠠᠶᠢᠲᠤᠷ ᠠᠳᠬᠤᠬᠤ ᠬᠡᠷᠡᠭᠲᠡᠶ᠃ 2021 ᠣᠨ ᠤ 4 ᠳ᠋ᠤᠭᠡᠷ ᠰᠠᠷ᠎ᠠ ᠶᠢᠨ 19 ᠤ ᠡᠳᠦᠷ ᠠᠴᠠ ᠡᠮᠦᠨ᠎ᠡ ᠬᠤᠯᠪᠣᠭᠳᠠᠯ ᠪᠥᠬᠦᠶ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠮᠡᠳᠡᠭᠦᠯᠦᠨ ᠬᠦᠷᠭᠡᠨ᠎ᠡ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃      ︵ᠲᠠᠪᠤ︶ ᠤᠬᠠᠭᠤᠯᠤᠨ ᠬᠦᠲᠦᠯᠬᠦ ᠶᠢ ᠴᠢᠩᠭᠠᠳᠬᠠᠨ᠎ᠠ᠃ ᠡᠯ᠎ᠡ ᠬᠤᠰᠢᠭᠤ ᠬᠤᠲᠠ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠠᠷᠢᠶᠠᠨ ᠭᠠᠵᠠᠷ ᠤᠨ ︽ᠠᠮᠤ ᠪᠤᠳᠠᠭᠠᠨ ᠪᠤᠰᠤᠴᠢᠯᠠᠬᠤ︾ ᠶᠢ ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠤᠭᠳᠠᠪᠤᠷᠢᠵᠢᠭᠤᠯᠬᠤ ᠶᠢ ᠤᠬᠠᠭᠤᠯᠤᠨ ᠬᠦᠲᠦᠯᠬᠦ ᠠᠵᠢᠯ ᠢ ᠦᠨᠡᠨ ᠬᠦ ᠰᠠᠶᠢᠲᠤᠷ ᠠᠳᠬᠤᠵᠤ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ ᠪᠠ ᠰᠢᠨ᠎ᠡ ᠵᠠᠭᠤᠴᠢᠯᠠᠭᠤᠷ ᠵᠡᠷᠭᠡ ᠤᠬᠠᠭᠤᠯᠭ᠎ᠠ ᠶᠢᠨ ᠵᠠᠭᠤᠴᠢᠯᠠᠭᠤᠷ ᠢ ᠭᠦᠢᠴᠡᠳ ᠠᠰᠢᠭᠯᠠᠨ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ ᠂ ᠪᠥᠬᠦ ᠨᠡᠶᠢᠭᠡᠮ ᠤᠨ ︽ᠲᠠᠷᠢᠶᠠᠨ ᠭᠠᠵᠠᠷ ᠢ ᠬᠠᠶᠢᠷᠠᠯᠠᠬᠤ᠂ ᠠᠮᠤ ᠪᠤᠳᠠᠭ᠎ᠠ ᠶᠡᠬᠡᠪᠡᠷ ᠳᠠᠷᠢᠬᠤ᠂ ᠰᠠᠶᠢᠨ ᠠᠮᠤ ᠪᠤᠳᠠᠭ᠎ᠠ ᠳᠠᠷᠢᠬᠤ︾ ᠤᠬᠠᠮᠰᠠᠷᠲᠤ ᠴᠢᠨᠠᠷ ᠢ ᠴᠢᠩᠭᠠᠷᠠᠭᠤᠯᠤᠨ᠂ ᠲᠠᠷᠢᠶᠠᠨ ᠭᠠᠵᠠᠷ ᠤᠨ ︽ᠠᠮᠤ ᠪᠤᠳᠠᠭᠠᠨ ᠪᠤᠰᠤᠴᠢᠯᠠᠬᠤ︾ ᠶᠢ ᠰᠡᠷᠭᠡᠶᠢᠯᠡᠬᠦ᠂ ᠲᠠᠷᠢᠶᠠᠨ ᠭᠠᠵᠠᠷ ᠢ ᠪᠦᠲᠦᠮᠵᠢᠲᠡᠶ ᠬᠠᠮᠠᠭᠠᠯᠠᠬᠤ᠂ ᠠᠮᠤ ᠪᠤᠳᠠᠭᠠᠨ ᠤ ᠦᠢᠯᠡᠳᠪᠦᠷᠢᠯᠡᠯ ᠢ ᠲᠤᠭᠲᠠᠪᠤᠷᠢᠵᠢᠭᠤᠯᠬᠤ ᠠᠰᠤᠷᠤ ᠰᠠᠶᠢᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠶ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ︶᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号