ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠬᠤᠲᠠ ᠶᠢᠨ ᠣᠢ ᠰᠢᠭᠤᠢ ᠪᠠ ᠨᠤᠳᠤᠭ ᠪᠡᠯᠴᠢᠭᠡᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠲᠠᠢ ᠬᠠᠮᠳᠣᠷᠠᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠦᠭᠬᠦ︾ ᠮᠠᠯᠵᠢᠬᠤ ᠣᠷᠣᠨ ᠤ ᠨᠤᠲᠤᠭ ᠪᠡᠯᠴᠢᠭᠡᠷ ᠢ ᠵᠣᠬᠢᠰᠲᠠᠢ ᠠᠰᠢᠭᠯᠠᠵᠤ ᠨᠠᠷᠢᠯᠢᠭ ᠬᠠᠮᠢᠶᠠᠷᠬᠤ ᠪᠠᠶᠢᠴᠠᠭᠠᠨ ᠰᠣᠳᠣᠯᠣᠯᠳᠠ ᠶᠢᠨ  ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/5/13
     5 ᠰᠠᠷ᠎ᠠ ᠶᠢᠨ 11 ᠤ ᠡᠳᠦᠷ᠂ ᠬᠤᠰᠢᠭᠤᠨ ᠤ ᠣᠢ ᠰᠢᠭᠤᠢ ᠪᠠ ᠨᠤᠲᠤᠭ  ᠪᠡᠯᠴᠢᠭᠡᠷ ᠤᠨ ᠲᠣᠪᠴᠢᠶ᠎ᠠ ᠬᠤᠲᠠ ᠶᠢᠨ ᠣᠢ ᠰᠢᠭᠤᠢ ᠨᠤᠳᠤᠭ ᠪᠡᠯᠴᠢᠭᠡᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠲᠠᠢ ᠬᠠᠮᠳᠣᠷᠠᠨ ᠂ ᠭᠡᠷᠣᠯᠣᠨ ᠰᠤᠮᠤ ᠶᠢᠨ ᠮᠠᠩᠯᠠᠢ ᠭᠠᠴᠠᠭ᠎ᠠ ᠳᠤ ᠬᠦᠷᠴᠦ᠂ ︽ᠪᠢ ᠣᠯᠠᠨ ᠲᠦᠮᠡᠨ ᠳᠤ ᠪᠤᠳᠠᠳᠤ ᠶᠠᠪᠤᠳᠠᠯ ᠬᠢᠵᠦ ᠦᠭᠬᠦ︾ ᠮᠠᠯᠵᠢᠬᠤ ᠣᠷᠣᠨ ᠤ ᠨᠤᠲᠤᠭ ᠪᠡᠯᠴᠢᠭᠡᠷ ᠢ ᠵᠣᠬᠢᠰᠲᠠᠢ  ᠠᠰᠢᠭᠯᠠᠵᠤ ᠨᠠᠷᠢᠯᠢᠭ ᠬᠠᠮᠢᠶᠠᠷᠬᠤ ᠪᠠᠶᠢᠴᠠᠭᠠᠨ ᠰᠣᠳᠣᠯᠣᠯᠳᠠ ᠶᠢᠨ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠳᠤ᠂ ᠮᠠᠯᠴᠢᠳ ᠲᠠᠢ ᠶᠠᠷᠢᠯᠴᠠᠯᠭ᠎ᠠ ᠬᠢᠵᠤ᠂ ᠮᠠᠯ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ᠂ ᠮᠠᠯᠵᠢᠬᠤ ᠡᠷᠦᠬᠡ ᠶᠢᠨ ᠪᠦᠲᠦᠴᠡ᠂ ᠨᠤᠲᠤᠭ ᠪᠡᠯᠴᠢᠭᠡᠷ ᠤᠨ ᠲᠠᠯᠠᠪᠠᠢ ᠵᠢᠴᠢ ᠲᠥᠷᠥᠯ ᠬᠡᠯᠪᠡᠷᠢ᠂ ᠬᠠᠮᠠᠭᠠᠯᠠᠯᠲᠠ ᠶᠢᠨ ᠪᠠᠶᠢᠳᠠᠯ᠂ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠪᠠᠶᠢᠳᠠᠯ᠂ ᠮᠠᠯᠴᠢᠳ ᠤᠨ ᠣᠷᠣᠯᠭ᠎ᠠ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠶᠢ ᠠᠰᠠᠭᠤᠨ ᠤᠶᠢᠯᠠᠭᠠᠭᠰᠠᠨ ᠤ ᠬᠠᠮᠳᠣ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠤᠬᠠᠭᠤᠯᠭ᠎ᠠ ᠶᠢᠨ ᠭᠠᠷ ᠲᠠᠪᠳᠡᠷ᠂ ᠨᠤᠲᠤᠭ ᠪᠡᠯᠴᠢᠭᠡᠷ ᠤᠨ ᠬᠠᠤᠯᠢ ᠴᠠᠭᠠᠵᠠ ᠬᠠᠤᠯᠢ ᠲᠥᠷᠢᠮ ᠪᠣᠯᠤᠨ ᠲᠥᠷᠥ ᠶᠢᠨ ᠪᠣᠳᠣᠯᠭ᠎ᠠ ᠶᠢᠨ ᠡᠮᠬᠢᠳᠬᠡᠯ ᠵᠡᠷᠭᠡ ᠬᠠᠮᠢᠶᠠᠳᠠᠢ ᠨᠣᠮ ᠪᠢᠴᠢᠭ ᠢ ᠲᠠᠷᠬᠠᠭᠠᠵᠠᠢ᠃     ᠲᠤᠰ ᠤᠳᠠᠭᠠᠨ ᠤ ᠠᠵᠢᠯᠯᠠᠭ᠎ᠠ ᠨᠢ ᠮᠠᠯᠴᠢᠳ ᠲᠤ ᠪᠣᠳᠠᠲᠤ ᠶᠠᠪᠤᠳᠠᠯ ᠬᠢᠵᠦ ᠦᠭᠬᠦ ᠦᠷ᠎ᠡ ᠪᠦᠲᠦᠮᠵᠢ ᠶᠢ ᠲᠥᠯᠬᠢᠨ ᠠᠬᠢᠭᠤᠯᠵᠤ᠂ ᠮᠠᠯᠵᠢᠬᠤ ᠣᠷᠣᠨ ᠤ ᠨᠤᠲᠤᠭ ᠪᠡᠯᠴᠢᠭᠡᠷ ᠢ ᠵᠣᠬᠢᠰᠲᠠᠢ ᠠᠰᠢᠭᠯᠠᠬᠤ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠳᠤ ᠰᠠᠶᠢᠨ ᠰᠠᠭᠤᠷᠢ ᠶᠢ ᠲᠠᠯᠪᠢᠵᠠᠢ᠃        ᠡᠬᠡ ᠪᠢᠴᠢᠭ ᠤᠨ ᠢᠷᠡᠯᠳᠡ᠄ ᠬᠤᠰᠢᠭᠤᠨ ᠤ ᠬᠠᠮ ᠵᠠᠭᠤᠴᠢᠯᠠᠭᠤᠷ ᠤᠨ ᠲᠦᠪ  ᠰᠣᠯᠣᠩᠭᠤᠸ᠎ᠠ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号