︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠤᠩᠬᠤᠪᠴᠢ ᠶᠢᠨ ᠠᠵᠢᠯᠳᠠᠨ ᠤ ᠰᠠᠬᠢᠯᠭ᠎ᠠ ᠪᠠᠲᠤ ᠣᠪᠣᠷ | ᠰᠤᠷᠲᠠᠯ ᠢ ᠰᠠᠶᠢᠵᠢᠷᠠᠭᠤᠯᠵᠤ᠂ ᠴᠤᠩᠬᠤᠪᠴᠢ ᠶᠢᠨ ᠠᠵᠢᠯᠳᠠᠨ ᠤ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 17 ᠤ ᠡᠳᠦᠷ᠂ ᠬᠤᠰᠢᠭᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ 2021 ᠤᠨ ᠤ | ᠠᠩᠬᠠᠳᠤᠭᠠᠷ ᠤᠳᠠᠭᠠᠨ ᠤ ᠬᠠᠷᠢᠯᠴᠠᠬᠤ ᠬᠤᠷᠠᠯ ᠬᠤᠷᠠᠯᠳᠤᠭᠤᠯᠪᠠ᠃ | ᠬᠤᠷᠠᠯ ᠳᠤ᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠣᠩᠬᠤᠪᠴᠢ ᠶᠢᠨ ᠠᠵᠢᠯᠲᠠᠨ ᠤ | 2021 ᠣᠨ ᠤ ᠨᠢᠭᠡᠳᠦᠭᠡᠷ ᠤᠯᠠᠷᠢᠯ ᠤᠨ ᠠᠵᠢᠯ ᠳᠤ ᠭᠠᠷᠤᠭᠰᠠᠨ ᠪᠠᠶᠢᠳᠠᠯ︾ ᠤᠨ ᠮᠡᠳᠡᠭᠦᠯᠤᠯᠳᠠ ᠶᠢ ᠤᠩᠰᠢᠨ | ᠨᠠᠶᠢᠳᠡᠯᠡᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠠᠵᠢᠯ ᠤᠨ ᠡᠭᠦᠷᠭᠡ ᠶᠢ ᠪᠠᠶᠢᠷᠢᠯᠠᠭᠤᠯᠪᠠ᠃ | ᠬᠤᠷᠠᠯ ᠳᠤ ᠣᠷᠣᠯᠴᠠᠭᠰᠠᠳ ᠠᠴᠠ ᠪᠠᠰᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠠᠵᠢᠯ ᠢ | ᠤᠯᠠᠮ ᠴᠢᠨᠠᠭᠰᠢᠳᠠ ᠴᠢᠩᠭᠠᠳᠬᠠᠬᠤ ᠲᠠᠯ᠎ᠠ ᠳᠤ ᠭᠦᠨᠵᠡᠭᠡᠢ ᠰᠣᠯᠢᠯᠴᠠᠭ᠎ᠠ ᠬᠢᠵᠠᠢ ᠃ | ᠬᠤᠷᠠᠯ ᠠᠴᠠ ᠴᠢᠩᠭᠠᠳᠬᠠᠭᠰᠠᠨ ᠨᠢ᠂ ᠡᠯ᠎ᠡ ᠪᠦᠷᠢᠯᠳᠦᠬᠦᠨ ᠪᠠᠶᠢᠭᠤᠯᠭ᠎ᠠ ᠲᠠᠨᠢᠯᠲᠠ ᠪᠠᠨ ᠳᠡᠭᠡᠭᠰᠢᠯᠡᠭᠦᠯᠵᠦ᠂ | ᠠᠵᠢᠯ ᠤᠨ ᠬᠠᠷᠢᠭᠤᠴᠠᠯᠭ᠎ᠠ ᠪᠠᠨ ᠭᠥᠢᠴᠡᠳᠭᠡᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ | ᠤᠳᠤᠷᠢᠳᠤᠯᠭ᠎ᠠ ᠲᠦᠷᠦᠬᠦᠯᠡᠨ ᠵᠢᠵᠢᠭᠦᠷᠯᠡᠭᠦ ᠲᠥᠷᠢᠮ ᠢ ᠴᠢᠩᠭ᠎ᠠ ᠭᠡᠷᠡᠭᠵᠢᠭᠦᠯᠵᠤ᠂ ᠴᠤᠩᠬᠤᠪᠴᠢ ᠶᠢᠨ ᠠᠵᠢᠯᠳᠠᠨ ᠤ | ᠬᠠᠮᠢᠶᠠᠷᠣᠯᠳᠠ ᠶᠢ ᠴᠢᠩᠭᠠᠷᠠᠭᠤᠯᠵᠤ᠂ ᠴᠢᠯᠦᠭᠡ ᠭᠤᠶᠤᠬᠤ ᠲᠥᠷᠢᠮ ᠤᠨ ᠬᠠᠮᠢᠶᠠᠷᠣᠯᠳᠠ ᠶᠢᠨ ᠠᠷᠭ᠎ᠠ ᠶᠢ ᠲᠥᠯᠬᠢᠨ | ᠠᠬᠢᠭᠤᠯᠵᠤ᠂ ᠠᠵᠢᠯ ᠤᠨ ᠰᠠᠬᠢᠯᠭ᠎ᠠ ᠶᠢ ᠴᠢᠩᠭᠠᠷᠠᠭᠤᠯᠵᠤ᠂ ᠬᠤᠰᠢᠭᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ ᠢ ᠥᠨᠳᠣᠷ ᠥᠷ᠎ᠡ ᠪᠥᠳᠣᠮᠵᠢᠳᠠᠢ ᠥᠢᠯᠡᠴᠢᠯᠡᠭᠡᠨ ᠤ ᠲᠠᠯᠠᠪᠤᠷ ᠪᠤᠯᠭᠠᠨ ᠪᠥᠳᠣᠭᠡᠨ | ᠪᠠᠶᠢᠭᠤᠯᠬᠤ ᠭᠡᠷᠡᠭᠳᠠᠢ ᠭᠡᠵᠠᠢ᠃ | ᠡᠬᠡ ᠪᠢᠴᠢᠭ ᠤᠨ ᠢᠷᠡᠯᠳᠡ᠄ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠰᠣᠯᠣᠩᠭᠤᠸ᠎ᠠ |