ᠠᠯᠳ᠋ᠬᠠᠮᠡᠭᠡᠯ ᠪᠠᠯᠭᠠᠰᠣ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠲᠠᠬᠢᠨᠳᠠ ᠲᠠᠶᠢᠴᠢᠯᠠᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/5/21
    5 ᠰᠠᠷ᠎ᠠ ᠶᠢᠨ 19 ᠤ ᠡᠳᠦᠷ᠂ ᠠᠯᠳ᠋ᠬᠠᠮᠡᠭᠡᠯ ᠪᠠᠯᠭᠠᠰᠤ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠠᠬᠢᠭᠤᠯᠤᠨ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠪᠦᠬᠦ ᠪᠠᠯᠭᠠᠰᠦ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠢᠨ᠎ᠡ ᠲᠢᠳᠢᠮᠯᠢᠭ ᠸᠠᠺᠼᠢᠨ ᠤ ᠲᠠᠷᠢᠯᠭ᠎ᠠ ᠶᠢᠨ ᠠᠵᠢᠯ ᠳᠤ ᠶᠡᠷᠦᠩᠬᠡᠢ ᠲᠣᠬᠢᠷᠠᠭᠤᠯᠤᠯᠲᠠ ᠬᠢᠵᠦ᠂ ᠲᠠᠬᠢᠨᠳᠠ ᠪᠠᠶᠢᠷᠢᠯᠠᠭᠤᠯᠤᠨ ᠨᠠᠶᠢᠳᠠᠪᠤᠷᠢᠵᠢᠭᠤᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠲᠤᠭᠤᠶᠢᠯᠠᠩ ᠤᠨ ᠪᠦᠷᠢᠯᠳᠦᠬᠦᠨ᠂ ᠡᠯ᠎ᠡ ᠨᠡᠶᠢᠭᠡᠮ ᠲᠣᠭᠤᠷᠢᠭ ᠤᠨ ᠱᠦᠵᠢ ᠨᠠᠷ ᠬᠤᠷᠠᠯ ᠳᠤ ᠤᠷᠤᠯᠴᠠᠵᠠᠢ  ᠃       ᠬᠤᠷᠠᠯ ᠳᠤ ᠴᠢᠩᠭᠠᠳᠬᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠡᠭᠦᠯᠵᠤ᠂ ᠠᠵᠢᠯ ᠤᠨ ᠠᠷᠭ᠎ᠠ ᠠᠪᠴᠠᠯ ᠤᠨ ᠰᠢᠨ᠎ᠡ ᠶᠢ ᠡᠭᠦᠳᠦᠨ᠂ ᠬᠠᠪᠰᠣᠷᠣᠨ ᠲᠡᠳᠭᠦᠭᠦ ᠪᠠᠶᠢᠭᠤᠯᠭ᠎ᠠ ᠶᠢ ᠲᠠᠶᠢᠴᠢᠯᠠᠵᠤ᠂ ᠸᠠᠺᠼᠢᠨ ᠤ ᠲᠠᠷᠢᠯᠭ᠎ᠠ ᠶᠢᠨ ᠠᠵᠢᠯ ᠳᠤ ᠤᠷᠤᠯᠴᠠᠭᠤᠯᠤᠨ᠂ ᠸᠠᠺᠼᠢᠨ ᠤ ᠲᠠᠷᠢᠯᠭ᠎ᠠ ᠶᠢᠨ ᠠᠵᠢᠯ ᠢ ᠢᠳᠡᠪᠬᠢᠳᠠᠢ ᠠᠬᠢᠭᠤᠯᠵᠤ᠂ ᠵᠢᠭᠰᠠᠭᠠᠨ ᠲᠠᠩᠰᠠᠯᠠᠬᠤ ᠶᠢ ᠴᠢᠩᠭᠠᠳᠬᠠᠨ᠂ ᠣᠶᠢᠷ᠎ᠠ ᠶᠢᠨ ᠬᠤᠭᠤᠴᠠᠭᠠᠨ ᠤ ᠳᠤᠮᠳᠠ ᠭᠠᠵᠠᠷ ᠣᠷᠣᠨ ᠠᠴᠠ ᠬᠠᠷᠢᠶ᠎ᠠ ᠲᠣᠭᠤᠷᠢᠭ ᠲᠤ ᠪᠤᠴᠠᠵᠤ ᠢᠷᠡᠭᠰᠡᠨ ᠬᠥᠮᠦᠰ ᠢ ᠴᠢᠩᠭ᠎ᠠ ᠵᠢᠭᠰᠠᠭᠠᠨ ᠪᠠᠶᠢᠴᠠᠭᠠᠵᠤ᠂ ᠪᠠᠶᠢᠩᠭᠤᠵᠢᠭᠰᠠᠨ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠥᠷᠭᠦᠯᠵᠢᠯᠡᠨ ᠪᠠᠷᠢᠮᠳᠠᠯᠠᠵᠤ᠂ ᠣᠯᠠᠨ ᠨᠡᠶᠢᠲᠡ ᠶᠢᠨ ᠲᠠᠯᠠᠪᠤᠷ ᠤᠨ ᠠᠷᠢᠭᠤᠳᠬᠠᠯ᠂ ᠭᠠᠳᠠᠨ᠎ᠠ ᠠᠴᠠ ᠢᠷᠡᠭᠰᠡᠨ ᠭᠥᠮᠤᠰ ᠢ ᠳᠠᠩᠰᠠᠯᠠᠨ ᠲᠡᠮᠳᠡᠭᠯᠡᠬᠦ  ᠠᠵᠢᠯ ᠢ ᠰᠠᠶᠢᠳᠣᠷ ᠬᠢᠵᠤ᠂ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠦᠷᠭᠦᠯᠵᠢᠯᠡᠨ ᠲᠥᠯᠬᠢᠨ ᠠᠬᠢᠭᠤᠯᠵᠤ᠂ ᠰᠠᠶᠢᠨ ᠰᠠᠶᠢᠬᠠᠨ ᠤᠬᠠᠭᠤᠯᠭ᠎ᠠ ᠶᠢᠨ ᠲᠣᠬᠢᠶᠠᠯ ᠢ ᠡᠵᠡᠮᠳᠡᠵᠤ᠂ ᠲᠠᠷᠢᠯᠭ᠎ᠠ ᠶᠢᠨ ᠪᠦᠷᠬᠦᠴᠡ ᠶᠢᠨ ᠨᠣᠷᠮ᠎ᠠ ᠶᠢ  ᠲᠡᠭᠡᠭᠰᠢᠯᠡᠭᠦᠯᠭᠦ ᠭᠡᠷᠡᠭᠳᠠᠢ ᠭᠡᠵᠠᠢ᠃     ᠬᠤᠷᠠᠯ ᠳᠤ ᠪᠠᠰᠠ ᠸᠠᠺᠼᠢᠨ ᠤ ᠲᠠᠷᠢᠯᠭ᠎ᠠ ᠲᠠᠷᠢᠬᠤ ᠠᠵᠢᠯ ᠳᠤ ᠬᠠᠨᠳᠤᠯᠭᠠᠲᠤ ᠴᠢᠨᠠᠷᠲᠠᠢ ᠪᠠᠶᠢᠷᠢᠯᠠᠭᠤᠯᠤᠯᠲᠠ ᠬᠢᠵᠤ᠂ ᠳᠠᠷᠠᠭ᠎ᠠ ᠱᠠᠲᠤᠨ ᠤ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠠᠬᠢᠭᠤᠯᠬᠤ ᠠᠵᠢᠯ ᠤᠨ ᠲᠤᠬᠠᠢ ᠰᠠᠨᠠᠯ ᠢᠶᠠᠨ ᠰᠣᠯᠢᠯᠴᠠᠪᠠ᠃        ᠡᠬᠡ ᠪᠢᠴᠢᠭ ᠤᠨ ᠢᠷᠡᠯᠳᠡ᠄ ᠬᠤᠰᠢᠭᠤᠨ ᠤ ᠬᠠᠮ ᠵᠠᠭᠤᠴᠢᠯᠠᠭᠤᠷ ᠤᠨ ᠲᠦᠪ   ᠰᠣᠯᠣᠩᠭᠤᠸ᠎ᠠ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号