ᠮᠠᠨ ᠤ ᠬᠤᠰᠢᠭᠤ ︽ᠨᠠᠮ ᠤᠨ ᠲᠡᠦᠬᠡ ᠶᠢᠨ ᠬᠢᠴᠢᠶᠡᠯ ᠬᠥᠮᠦᠵᠢᠯ ᠢ ᠬᠢᠴᠢᠶᠡᠯ ᠲᠦᠷᠦᠯ ᠤᠨ ᠵᠢᠭᠠᠨ ᠰᠣᠷᠭᠠᠯᠳᠠ ᠳᠤ ᠠᠭᠤᠰᠬᠠᠵᠣ ᠰᠦᠭ ᠰᠦᠨᠡᠰᠣ ᠶᠢ ᠱᠣᠭᠤᠨ ᠰᠢᠨ᠎ᠡ ᠴᠠᠭ ᠦᠶ᠎ᠡ ᠶᠢᠨ ᠬᠥᠮᠦᠨ ᠢ ᠬᠦᠮᠦᠵᠢᠬᠦᠯᠬᠦ︾ ᠦᠵᠡᠯ ᠰᠠᠨᠠᠭ᠎ᠠ ᠣᠯᠣᠰ ᠲᠦᠷᠣ ᠶᠢᠨ ᠬᠢᠴᠢᠶᠡᠯ ᠤᠨ ᠨᠢᠭᠡ ᠴᠣᠭᠴᠠᠵᠢᠯᠳᠠ ᠶᠢᠨ ᠭᠤᠣᠯ ᠰᠡᠳᠦᠪᠲᠦ ᠵᠢᠭᠠᠨ ᠰᠤᠳᠤᠯᠬᠤ ᠬᠦᠳᠡᠯᠭᠡᠭᠡᠨ ᠡᠷᠬᠢᠯᠡᠪᠡ
ᠨᠡᠶᠢᠲᠡᠯᠡᠭᠰᠡᠨ ᠴᠠᠭ᠄
2021/6/10
     6 ᠰᠠᠷ᠎ᠠ ᠶᠢᠨ 9 ᠤ ᠡᠳᠦᠷ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠵᠢᠭᠠᠬᠤ ᠶᠢ ᠰᠣᠳᠣᠯᠬᠤ ᠲᠥᠪ ᠠᠴᠠ ᠳᠠᠭᠠᠭᠠᠴᠢᠯᠠᠨ ᠡᠷᠬᠢᠯᠡᠭᠰᠡᠨ ︽ᠨᠠᠮ ᠤᠨ ᠲᠡᠦᠬᠡ ᠶᠢᠨ ᠬᠢᠴᠢᠶᠡᠯ ᠬᠥᠮᠦᠵᠢᠯ ᠢ ᠬᠢᠴᠢᠶᠡᠯ ᠲᠦᠷᠦᠯ ᠤᠨ ᠵᠢᠭᠠᠨ ᠰᠣᠷᠭᠠᠯᠳᠠ ᠳᠤ ᠠᠭᠤᠰᠬᠠᠵᠣ᠂ ᠰᠦᠭ ᠰᠦᠨᠡᠰᠣ ᠶᠢ ᠱᠣᠭᠤᠨ ᠰᠢᠨ᠎ᠡ ᠴᠠᠭ ᠦᠶ᠎ᠡ ᠶᠢᠨ ᠬᠥᠮᠦᠨ ᠢ ᠬᠦᠮᠦᠵᠢᠬᠦᠯᠬᠦ︾ ᠦᠵᠡᠯ ᠰᠠᠨᠠᠭ᠎ᠠ ᠣᠯᠣᠰ ᠲᠦᠷᠣ ᠶᠢᠨ ᠬᠢᠴᠢᠶᠡᠯ ᠤᠨ ᠨᠢᠭᠡ ᠴᠣᠭᠴᠠᠵᠢᠯᠳᠠ ᠶᠢᠨ ᠭᠤᠣᠯ ᠰᠡᠳᠦᠪᠲᠦ ᠵᠢᠭᠠᠨ ᠰᠤᠳᠤᠯᠬᠤ ᠬᠦᠳᠡᠯᠭᠡᠭᠡᠨ ᠬᠤᠰᠢᠭᠤᠨ ᠤ ᠦᠨᠳᠦᠰᠦᠳᠡᠨ ᠤ ᠰᠣᠶᠣᠯ ᠤᠨ ᠲᠥᠪ ᠲᠤ ᠶᠠᠪᠣᠭᠳᠠᠪᠠ᠃
          ᠬᠦᠳᠡᠯᠭᠡᠭᠡᠨ ᠳᠡᠭᠡᠷ᠎ᠡ᠂ ᠬᠤᠲᠠ ᠪᠠ ᠬᠤᠰᠢᠭᠤᠨ ᠤ ᠳᠡᠰ ᠤᠨ ᠵᠢᠭᠠᠨ ᠰᠤᠷᠭᠠᠯᠲᠠ ᠶᠢᠨ ᠴᠢᠳᠠᠪᠤᠷᠢᠲᠠᠨ᠂ ᠰᠤᠷᠭᠠᠨ ᠬᠥᠮᠦᠵᠢᠯ ᠤᠨ ᠵᠢᠭᠠᠬᠤ ᠶᠢ ᠰᠣᠳᠣᠯᠬᠤ ᠪᠣᠯᠪᠠᠰᠣᠷᠠᠭᠤᠯᠬᠤ ᠲᠥᠪ ᠤᠨ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠵᠢᠭᠠᠨ ᠰᠤᠳᠤᠯᠤᠭᠴᠢ ᠵᠠᠩ ᠵᠢᠩ᠂ ᠲᠡᠦᠬᠡ ᠶᠢᠨ ᠬᠢᠴᠢᠶᠡᠯ ᠲᠥᠷᠥᠯ ᠤᠨ ᠰᠤᠳᠤᠯᠤᠭᠴᠢ ᠰᠢᠨᠵᠢᠯᠡ ᠵᠢᠴᠢ ᠣᠷᠱᠣᠨ ᠰᠤᠷᠭᠠᠭᠤᠯᠢ ᠶᠢᠨ ︽ᠶᠣᠰᠣ ᠰᠤᠷᠲᠠᠬᠤᠨ ᠪᠣᠯᠤᠨ ᠬᠠᠤᠯᠢ ᠪᠠᠷ ᠵᠠᠰᠠᠬᠤ︾ ᠬᠢᠴᠢᠶᠡᠯ ᠲᠦᠷᠦᠯ ᠤᠨ ᠪᠠᠭᠰᠢ ᠵᠣᠣ ᠶᠦᠩ ᠮᠢᠨ ᠵᠡᠷᠭᠡ ᠬᠡᠯᠡ ᠪᠢᠴᠢᠭ᠂ ᠲᠡᠦᠬᠡ᠂ ᠶᠣᠰᠣ ᠰᠤᠷᠲᠠᠬᠤᠨ ᠪᠣᠯᠤᠨ ᠬᠠᠤᠯᠢ ᠪᠠᠷ ᠵᠠᠰᠠᠬᠤ ᠭᠤᠷᠪᠠᠨ ᠰᠢᠨᠵᠢᠯᠡᠭᠡᠨ ᠤ ᠰᠠᠯᠠᠭ᠎ᠠ ᠳᠤ᠂ ᠨᠢᠭᠡ ᠴᠠᠭ ᠬᠤᠭᠤᠴᠠᠭᠠᠨ ᠳᠤ ᠵᠢᠭᠠᠬᠤ ︽ᠬᠤᠸᠠᠩ ᠵᠢᠢ ᠭᠤᠸᠠᠩ︾ ︽ᠠᠮᠧᠷᠢᠺᠠ ᠶᠢ ᠡᠰᠡᠷᠭᠦᠴᠡᠨ ᠰᠣᠯᠣᠩᠭᠤᠰ ᠲᠤ ᠲᠤᠰᠠᠯᠠᠬᠤ︾ ︽ᠪᠢᠳᠡᠨ ᠤ ᠰᠡᠳᠬᠢᠯ ᠤᠨ ᠶᠢᠷᠳᠢᠨᠴᠣ︾ ᠭᠡᠬᠦ ᠭᠤᠷᠪᠠᠨ‌‍ᠬᠢᠴᠢᠶᠡᠯ ᠢ ᠵᠢᠭᠠᠵᠤ᠂ ᠭᠤᠷᠪᠠᠨ ᠪᠠᠭᠰᠢ ᠠᠮᠵᠢᠯᠲᠠ ᠲᠠᠢ ᠪᠠᠷ ᠵᠢᠭᠠᠨ ᠰᠤᠷᠭᠠᠯᠲᠠ ᠳᠤ ᠪᠠᠨ ᠲᠣᠬᠠᠢ ᠶᠢᠨ ᠴᠠᠭ ᠤᠨ ᠪᠠᠶᠢᠳᠠᠯ ᠢ ᠪᠣᠢ ᠪᠣᠯᠭᠠᠵᠣ᠂ ᠵᠢᠭᠠᠨ ᠰᠤᠷᠭᠠᠯᠲᠠ ᠶᠢᠨ ᠶᠠᠪᠤᠴᠠ ᠶᠢ ᠠᠮᠢᠳᠣ ᠲᠦᠷᠰᠦᠯᠢᠭ ᠣᠶᠢᠯᠠᠭᠠᠮᠵᠢᠲᠠᠢ ᠲᠦᠯᠦᠪᠯᠡᠵᠣ᠂ ᠵᠢᠭᠠᠨ ᠰᠤᠷᠭᠠᠯᠲᠠ ᠶᠢᠨ ᠲᠣᠮᠳᠠ ᠳᠤᠮᠳᠠᠳᠤ ᠤᠯᠤᠰ ᠤᠨ ᠡᠪ ᠬᠠᠮᠲᠤ ᠨᠠᠮ ᠪᠦᠬᠦ ᠤᠯᠤᠰ ᠤᠨ ᠠᠷᠠᠳ ᠲᠦᠮᠡᠨ ᠢ ᠤᠳᠤᠷᠢᠳᠤᠨ ᠰᠢᠨᠲᠠᠷᠠᠰᠢ ᠦᠭᠡᠢ ᠲᠡᠮᠡᠴᠡᠵᠦ᠂ ᠲᠠᠰᠤᠷᠠᠯᠲᠠ ᠦᠭᠡᠢ ᠡᠷᠡᠯᠬᠡᠭᠯᠡᠨ ᠤᠷᠤᠭᠰᠢᠯᠠᠭᠰᠠᠨ ᠭᠡᠷᠡᠯ ᠰᠠᠴᠤᠷᠠᠩᠭᠤᠢ ᠲᠡᠦᠬᠡ ᠶᠢ ᠡᠷᠬᠢᠴᠡᠬᠦᠯᠵᠣ᠂ ᠲᠤᠬᠠᠢ ᠶᠢᠨ ᠲᠠᠯᠠᠪᠠᠢ ᠶᠢᠨ ᠪᠦᠬᠦ ᠪᠠᠭᠰᠢ ᠰᠤᠷᠤᠭᠴᠢᠳ ᠢ ᠬᠥᠲᠥᠯᠦᠨ ᠵᠢᠯᠣᠭᠤᠳᠴᠤ᠂ ᠳᠤᠮᠳᠠᠳᠤ ᠤᠯᠤᠰ ᠤᠨ ᠡᠪ ᠬᠠᠮᠲᠤ ᠨᠠᠮ ᠠᠴᠠ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠣ ᠦᠭᠭᠦᠭᠰᠡᠨ ᠢᠷᠠᠭᠤ ᠠᠯᠳᠠᠷᠳᠣ ᠲᠡᠣᠬᠡ ᠪᠠ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠤᠭ ᠰᠠᠨᠠᠭ᠎ᠠ ᠪᠠ ᠡᠭᠦᠷᠭᠡ ᠶᠢ ᠨᠡᠩ ᠭᠦᠨᠵᠡᠭᠡᠢ ᠣᠶᠢᠯᠠᠭᠠᠭᠤᠯᠪᠠ᠃      ᠮᠠᠨ ᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭᠠᠨ ᠤ ᠬᠢᠴᠢᠶᠡᠯ ᠤᠨ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠦᠨᠵᠡᠭᠡᠶᠢᠷᠡᠭᠦᠯᠵᠣ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠡᠬᠦᠳᠡᠨ ᠠᠴᠠ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠵᠢᠭᠠᠬᠤ ᠶᠢ ᠰᠣᠳᠣᠯᠬᠤ ᠪᠣᠯᠪᠠᠰᠣᠷᠠᠭᠤᠯᠬᠤ ᠲᠥᠪ ᠠᠴᠠ ᠵᠢᠭᠠᠨ ᠰᠤᠷᠭᠠᠯᠲᠠ ᠶᠢᠨ ᠭᠤᠣᠯᠳᠠᠯᠭ᠎ᠠ ᠪᠠᠨ ᠲᠥᠪᠯᠡᠷᠡᠭᠦᠯᠦᠨ᠂ ᠭᠤᠣᠯ ᠰᠡᠳᠦᠪᠲᠦ ᠵᠢᠭᠠᠨ ᠰᠤᠳᠤᠯᠬᠤ ᠠᠵᠢᠯᠯᠠᠭ᠎ᠠ ᠶᠢ ᠥᠷᠨᠢᠭᠦᠯᠦᠨ᠂ ᠦᠵᠡᠯ ᠰᠠᠨᠠᠭᠠᠨ ᠤ ᠬᠢᠴᠢᠶᠡᠯ ᠢ ᠨᠢᠭᠡ ᠴᠣᠭᠴᠠᠵᠢᠭᠤᠯᠬᠤ ᠲᠤᠰᠬᠠᠢ ᠵᠢᠭᠠᠨ ᠰᠤᠷᠭᠠᠯᠲᠠ ᠶᠢ ᠬᠦᠨᠵᠡᠭᠡᠶᠢᠷᠡᠬᠦᠯᠵᠣ᠂ ᠡᠬᠡ ᠣᠯᠣᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠭᠦᠨ ᠬᠠᠳᠠᠩᠰᠢᠭᠤᠯᠵᠤ᠂ ᠰᠣᠶᠣᠯ ᠢᠶᠠᠷ ᠬᠦᠮᠣᠨ ᠢ ᠨᠦᠯᠦᠭᠡᠯᠡᠨ ᠵᠣᠷᠢᠭᠵᠢᠭᠤᠯᠵᠣ᠂ ᠲᠣᠮᠳᠠᠳᠣ ᠶᠢᠨ ᠦᠨᠳᠦᠰᠦᠳᠡᠨ ᠤ ᠬᠠᠮᠳᠣ ᠶᠢᠨ ᠴᠣᠭᠴᠠ ᠶᠢᠨ ᠦᠵᠡᠯ ᠣᠬᠠᠮᠰᠠᠷ ᠢ ᠦᠷᠬᠦᠯᠵᠢᠯᠡᠨ ᠪᠠᠳᠣᠵᠢᠭᠤᠯᠵᠣ ᠪᠠᠶᠢᠨ᠎ᠠ᠃                                     ᠰᠤᠷᠪᠤᠯᠵᠢᠯᠠᠭᠴᠢ᠄ ᠴᠢᠨ ᠷᠦᠩ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号