ᠳᠠᠯᠠᠢ ᠰᠤᠮᠤ 2021 ᠣᠨ ᠤ ᠵᠤᠨ ᠤ ᠤᠯᠠᠷᠢᠯ ᠤᠨ ᠮᠠᠯ ᠤᠨ ᠲᠤᠭ᠎ᠠ ᠪᠦᠷᠢᠳᠬᠡᠯ ᠤᠨ ᠠᠵᠢᠯ ᠤᠨ ᠪᠤᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/16
     6 ᠰᠠᠷ᠎ᠠ ᠶᠢᠨ 15 ᠤ ᠡᠳᠣᠷ  ᠂  ᠲᠠᠯᠠᠢ ᠰᠣᠮᠣᠨ ᠤ ᠬᠤᠰᠢᠭᠤᠨ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠲᠤ᠂ ᠲᠠᠯᠠᠢ ᠰᠣᠮᠣ ᠶᠢᠨ 2021 ᠣᠨ ᠤ ᠵᠤᠨ ᠤ ᠤᠯᠠᠷᠢᠯ ᠤᠨ ᠮᠠᠯ ᠤᠨ ᠲᠤᠭ᠎ᠠ ᠪᠦᠷᠢᠳᠬᠡᠯ ᠤᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠡᠯ᠎ᠡ ᠭᠠᠴᠠᠭ᠎ᠠ᠂ ᠨᠡᠶᠢᠭᠡᠮ ᠲᠣᠭᠤᠷᠢᠭ ᠤᠨ ᠲᠤᠭ᠎ᠠ ᠪᠦᠷᠢᠳᠬᠡᠭᠴᠢ ᠪᠣᠯᠪᠠᠰᠤᠷᠠᠯ ᠳᠤ ᠣᠷᠣᠯᠴᠠᠪᠠ᠃     ᠲᠤᠰ ᠤᠳᠠᠭᠠᠨ ᠤ ᠪᠣᠯᠪᠠᠰᠤᠷᠠᠯ ᠨᠢ ᠰᠠᠭᠤᠳᠠᠯ ᠤᠨ ᠬᠤᠷᠠᠯ ᠤᠨ ᠬᠡᠯᠪᠡᠷᠢ ᠪᠠᠷ  ᠶᠠᠪᠤᠭᠳᠠᠵᠤ᠂ ᠲᠤᠰᠬᠠᠢ ᠠᠵᠢᠯᠳᠠᠨ ᠠᠴᠠ ᠮᠠᠯ ᠤᠨ ᠲᠤᠭ᠎ᠠ ᠲᠣᠯᠣᠭᠠᠢ ᠶᠢᠨ ᠦᠨᠳᠦᠰᠦᠨ ᠱᠠᠳᠣᠨ ᠤ ᠭᠥᠰᠤᠨᠤᠭ᠍ᠳᠣ ᠶᠢᠨ ᠭᠤᠣᠯ ᠭᠦᠢᠴᠡᠳᠬᠡᠬᠦ ᠲᠤᠭ᠎ᠠ ᠶᠢᠨ ᠲᠠᠶᠢᠯᠪᠤᠷᠢ ᠪᠠ ᠲᠤᠭ᠎ᠠ ᠪᠦᠷᠢᠳᠬᠡᠯ ᠤᠨ ᠲᠣᠳᠣᠷᠬᠠᠶᠢᠯᠠᠯᠲᠠ ᠶᠢ ᠨᠠᠷᠢᠯᠢᠭ  ᠢᠶᠠᠷ ᠲᠠᠶᠢᠯᠪᠤᠷᠢᠯᠠᠵᠤ᠂ ᠲᠤᠭ᠎ᠠ ᠪᠦᠷᠢᠳᠬᠡᠭᠴᠢ ᠶᠢᠨ ᠣᠶᠢᠯᠠᠭᠠᠯᠲᠠ ᠪᠠ ᠠᠵᠢᠯ ᠤᠨ ᠠᠬᠢᠴᠠ ᠳᠤ ᠳᠥᠭᠦᠮ ᠥᠵᠡᠭᠦᠯᠤᠭ᠍ᠰᠡᠨ ᠪᠠᠶᠢᠨ᠎ᠠ᠃ ᠳᠠᠷᠠᠭ᠎ᠠ ᠨᠢ᠂ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ ᠲᠤᠭ᠎ᠠ ᠪᠦᠷᠢᠳᠬᠡᠭᠴᠢ ᠠᠴᠠ ᠬᠦᠴᠢᠷ ᠠᠰᠠᠭᠤᠳᠠᠯ ᠢᠶᠠᠨ ᠬᠠᠮᠳᠣᠪᠡᠷ ᠶᠠᠷᠢᠯᠴᠠᠵᠤ᠂ ᠪᠥᠭᠦ ᠲᠠᠯ᠎ᠠ ᠪᠠᠷ ᠵᠠᠳᠠᠯᠤᠨ ᠰᠢᠨᠵᠢᠯᠡᠬᠦ ᠪᠠᠷ ᠳᠠᠮᠵᠢᠨ᠂ ᠤᠳᠤᠬᠠᠨ ᠤ ᠤᠷᠤᠰᠢᠵᠤ ᠪᠠᠶᠢᠭ᠎ᠠ ᠠᠰᠠᠭᠤᠳᠠᠯ  ᠢ ᠨᠠᠷᠢᠯᠢᠭ ᠰᠢᠢᠳᠪᠤᠷᠢᠯᠡᠭᠦ ᠲᠥᠰᠣᠯ ᠬᠠᠩᠭᠠᠪᠠ᠃     ᠬᠤᠷᠠᠯ ᠤᠨ ᠳᠠᠷᠠᠭ᠎ᠠ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ 2021 ᠣᠨ ᠤ ᠪᠦᠬᠦ ᠣᠷᠣᠨ ᠤ ᠮᠠᠯ ᠠᠵᠤ ᠠᠬᠤᠢ ᠶᠢᠨ ᠪᠠᠶᠢᠴᠠᠭᠠᠯᠲᠠ ᠶᠢᠨ ᠲᠥᠰᠦᠯ ᠢ ᠲᠦᠪᠯᠡᠷᠡᠩᠬᠦᠢ ᠰᠣᠷᠣᠯᠴᠠᠵᠤ᠂ ᠬᠤᠶᠢᠰᠢᠳᠠ ᠶᠢᠨ ᠡᠯ᠎ᠡ ᠵᠦᠢᠯ ᠤᠨ ᠲᠤᠭ᠎ᠠ ᠪᠦᠷᠢᠳᠬᠡᠯ ᠤᠨ ᠠᠵᠢᠯ ᠢ ᠨᠡᠩ ᠰᠠᠶᠢᠲᠤᠷ ᠥᠷᠨᠢᠭᠦᠯᠬᠦ ᠳᠤ ᠪᠠᠲᠤ ᠰᠠᠭᠤᠷᠢ ᠶᠢ ᠲᠠᠯᠪᠢᠭᠰᠠᠨ ᠪᠠᠶᠢᠨ᠎ᠠ᠃                        ᠡᠬᠡ ᠪᠢᠴᠢᠭ ᠬᠠᠩᠭᠠᠭᠰᠠᠨ ᠨᠢ᠄ ᠬᠤᠰᠢᠭᠤᠨ ᠤ ᠬᠠᠮ ᠵᠠᠭᠤᠴᠢᠯᠠᠭᠤᠷ ᠤᠨ ᠲᠦᠪ                                      ᠰᠣᠯᠣᠩᠭᠤᠸ᠎ᠠ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号