ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠪᠦᠬᠦ ᠬᠤᠲᠠ ᠶᠢᠨ ᠬᠤᠰᠢᠭᠤ ᠬᠤᠲᠠ ᠲᠣᠭᠤᠷᠢᠭ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/6/17
       6 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠢᠦᠶ ᠯᠢ ᠰᠢᠨ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ 214 ᠳ᠋ᠤᠭᠡᠷ ᠬᠤᠷᠠᠯ ᠵᠢᠴᠢ ᠬᠥᠯᠥᠨ ᠪᠤᠶᠢᠷ ᠬᠤᠲᠠ ᠶᠢᠨ ᠬᠤᠰᠢᠭᠤ ᠬᠤᠲᠠ ᠲᠣᠭᠤᠷᠢᠭ᠂ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠭᠤᠤ ᠷᠦᠨ ᠰᠢ ᠵᠢᠴᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠷᠦᠩ᠂ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠱᠦ ᠭᠤᠸᠠᠩ ᠨᠠᠷ ᠬᠤᠷᠠᠯ ᠳᠤ ᠰᠤᠯᠠ ᠣᠷᠣᠯᠴᠠᠵᠠᠢ᠃
       ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠥᠬᠡᠨᠠᠭᠤᠷ ᠮᠤᠵᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠥᠯᠥᠨ ᠪᠤᠶᠢᠷ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠴᠢᠨᠠᠷ ᠰᠠᠶᠢᠲᠠᠶ ᠬᠥᠭᠵᠢᠯᠲᠡ ᠶᠢ ᠪᠠᠲᠤᠲᠠᠶ ᠠᠬᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ ᠶᠡᠭᠡ ᠲᠠᠯ᠎ᠠ ᠶᠢ ᠪᠠᠲᠤᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ ᠲᠡᠦᠬᠡ ᠶᠢ ᠰᠤᠷᠤᠯᠴᠠᠵᠤ ᠶᠣᠰᠣ ᠰᠤᠷᠲᠠᠬᠤᠨ ᠢ ᠡᠷᠬᠢᠮᠯᠡᠬᠦ ᠶᠢ ᠦᠨᠡᠨ ᠬᠦ ᠪᠡᠶᠡᠯᠡᠭᠦᠯᠵᠦ᠂ ᠡᠷᠬᠢᠮ ᠳᠡᠭᠡᠳᠦ ᠶᠣᠰᠣ ᠰᠤᠷᠲᠠᠬᠤᠨ ᠵᠠᠩ ᠴᠢᠨᠠᠷ ᠢ ᠦᠷᠭᠦᠯᠵᠢᠯᠡᠨ ᠬᠠᠳᠠᠭᠠᠯᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠵᠦ᠂ ︽ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠭᠦᠯᠬᠦ︾ ᠵᠠᠮ ᠢᠶᠠᠷ ᠰᠠᠶᠢᠲᠤᠷ ᠵᠠᠮᠨᠠᠬᠤ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠢᠯᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠵᠠᠢ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠤᠴᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠪᠦᠬᠦ ᠬᠤᠳᠠ ᠳᠠᠶᠠᠭᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠤᠯᠠᠨ ᠤᠯᠤᠰ ᠲᠠᠬᠢ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠥᠯᠥᠨ ᠪᠤᠶᠢᠷ ᠤᠨ ᠭᠠᠳᠠᠭᠠᠳᠤ ᠤᠬᠠᠭᠤᠯᠭ᠎ᠠ ᠶᠢᠨ ᠠᠵᠢᠯ ᠢ ᠤᠬᠠᠮᠰᠠᠷ ᠠᠴᠠ ᠪᠠᠨ ᠤᠯᠤᠰ ᠤᠨ ᠭᠠᠳᠠᠭᠠᠳᠤ ᠤᠬᠠᠭᠤᠯᠭ᠎ᠠ ᠶᠢᠨ ᠠᠵᠢᠯ ᠤᠨ ᠶᠡᠭᠡ ᠲᠠᠯ᠎ᠠ ᠳᠤ ᠠᠭᠤᠰᠤᠯᠴᠠᠭᠤᠯᠬᠤ ᠬᠡᠷᠡᠭᠲᠡᠢ︔ ᠲᠥᠪ ᠶᠣᠰᠣ ᠶᠢ ᠡᠷᠬᠢᠮᠯᠡᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠴᠢᠬᠤᠯᠠ ᠶᠡᠭᠡ ᠭᠠᠳᠠᠭᠠᠳᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠳᠤ ᠢᠳᠡᠪᠬᠢᠲᠡᠶ ᠣᠷᠣᠯᠴᠠᠵᠤ᠂ ᠦᠢᠯᠡᠳᠦᠯᠭᠡ ᠶᠢᠨ ᠦᠷ᠎ᠡ ᠪᠦᠲᠦᠭᠡᠯ ᠢᠶᠠᠷ ᠳᠤᠮᠳᠠᠳᠤ ᠤᠯᠤᠰ ᠤᠨ ᠥᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠲᠠᠭᠤᠨ ᠢ ᠰᠠᠶᠢᠲᠤᠷ ᠳᠠᠮᠵᠢᠭᠤᠯᠬᠤ ᠳᠤ ᠬᠥᠯᠥᠨ ᠪᠤᠶᠢᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠳᠤ᠂ ᠡᠷᠬᠡᠪᠰᠢ ᠨᠠᠮ ᠤᠨ ᠰᠤᠷᠲᠠᠯ ᠤᠬᠠᠭᠤᠯᠭ᠎ᠠ ᠶᠢᠨ ᠠᠵᠢᠯ ᠳᠠᠬᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠴᠢᠳᠠᠪᠤᠷᠢ ᠰᠠᠶᠢᠨ᠂ ᠰᠤᠷᠲᠠᠯ ᠰᠠᠶᠢᠨ ᠤᠬᠠᠭᠤᠯᠭ᠎ᠠ ᠶᠢᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠵᠠᠢ᠃        ᠬᠤᠷᠠᠯ ᠠᠴᠠ ᠪᠦᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠪᠥᠬᠦ ᠬᠤᠲᠠ ᠶᠢᠨ ᠡᠯ᠎ᠡ ᠬᠤᠰᠢᠭᠤ ᠬᠤᠲᠠ ᠲᠣᠭᠤᠷᠢᠭ᠂ ᠡᠯ᠎ᠡ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠨ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠵᠤ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠷᠢᠮᠵᠢᠶᠠᠯᠠᠨ ᠬᠠᠷᠭᠤᠭᠤᠯᠵᠤ᠂ ᠳᠤᠲᠠᠭᠤᠳᠠᠯ ᠢᠶᠠᠨ ᠪᠠᠶᠢᠴᠠᠭᠠᠨ ᠨᠦᠬᠦᠪᠦᠷᠢᠯᠡᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠨᠠᠷᠢᠯᠢᠬᠵᠢᠭᠤᠯᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠵᠦᠢᠯ ᠤᠨ ᠠᠵᠢᠯ ᠢ ᠪᠠᠲᠤᠲᠠᠶ ᠪᠦᠲᠦᠮᠵᠢᠲᠡᠶ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃        ᠬᠤᠷᠠᠯ ᠠᠴᠠ ᠪᠥᠬᠦ ᠬᠤᠲᠠ ᠶᠢᠨ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠬᠤᠭᠤᠴᠠᠭ᠎ᠠ ᠰᠣᠯᠢᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠬᠤᠰᠢᠭᠤ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠪᠥᠬᠦ ᠬᠤᠲᠠ ᠶᠢᠨ 106 ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠬᠤᠭᠤᠴᠠᠭ᠎ᠠ ᠰᠣᠯᠢᠬᠤ ᠠᠵᠢᠯ ᠢ ᠡᠮᠬᠢ ᠵᠢᠷᠤᠮ ᠲᠠᠢ ᠲᠣᠭᠲᠠᠭᠤᠨ ᠢᠶᠠᠷ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠲᠠᠷᠠᠭᠠᠴᠢ ᠶᠢᠨ ᠠᠯᠬᠤᠮ ᠳᠤ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢ ᠬᠤᠭᠤᠴᠠᠭ᠎ᠠ ᠰᠣᠯᠢᠬᠤ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ᠂ ᠰᠠᠬᠢᠯᠭ᠎ᠠ ᠪᠠᠲᠤ ᠶᠢᠨ ᠬᠢᠨᠠᠯᠲᠠ ᠶᠢ ᠴᠢᠩᠳᠠᠯᠠᠵᠤ᠂ ᠬᠤᠰᠢᠭᠤ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ ᠭᠡᠵᠡᠶ᠃        ᠬᠤᠷᠠᠯ ᠠᠴᠠ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠲᠠ ᠶᠢᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠪᠠᠷ ᠪᠡᠯᠡᠳᠬᠡᠬᠦ ᠬᠤᠯᠪᠣᠭᠳᠠᠯ ᠪᠥᠬᠦᠶ ᠵᠦᠢᠯᠡᠰ ᠵᠢᠴᠢ ᠪᠤᠰᠤᠳ ᠠᠭᠤᠯᠭ᠎ᠠ ᠶᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号