ᠬᠥᠯᠥᠨ ᠪᠣᠶᠢᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠨ ᠢ ᠱᠧᠩ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/6/18
       6 ᠰᠠᠷ᠎ᠠ ᠶᠢᠨ 16 ᠤ ᠡᠳᠦᠷ᠂ ᠬᠥᠯᠥᠨ ᠪᠣᠶᠢᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠨ ᠢ ᠱᠧᠩ ᠮᠠᠨ ᠤ ᠬᠤᠰᠢᠭᠤᠨ ᠳᠤ ᠢᠷᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠵᠡᠷᠭᠡ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠤᠳᠤᠷᠢᠳᠤᠯᠭ᠎ᠠ ᠪᠦᠬᠡᠪᠠᠶᠠᠷ᠂  ᠯᠦ ᠴᠤᠸᠠᠨ ᠱᠧᠨ ᠪᠠᠷ᠎ᠠ ᠪᠤᠯᠤᠯᠴᠠᠪᠠ᠃        ᠶᠠᠨ ᠢ ᠱᠧᠩ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠡᠭ ᠪᠤᠯᠬᠤ ᠪᠤᠠᠠᠳᠠᠠᠭᠤᠯᠠ ᠰᠤᠮᠤ ᠶᠢᠨ ᠭᠠᠩᠭᠠᠲᠤ ᠭᠠᠴᠠᠭ᠎ᠠ ᠳᠤ ᠬᠦᠷᠴᠦ᠂ ᠭᠠᠴᠠᠭᠠᠨ ᠤ ᠱᠦᠵᠢ᠂ ᠭᠠᠴᠠᠭᠠᠨ ᠳᠠᠷᠤᠭ᠎ᠠ ᠲᠡᠮᠦᠷᠰᠦ᠋ᠷᠦᠩ ᠵᠢᠴᠢ ︽ᠬᠤᠶᠠᠷ ᠵᠥᠪᠯᠡᠯ︾ ᠤᠨ ᠪᠦᠷᠢᠯᠳᠦᠬᠦᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠭᠠᠴᠠᠭᠠᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠭᠰᠠᠨ ᠤ ᠳᠠᠷᠠᠭᠠᠬᠢ ᠪᠠᠭ ᠤᠨ ᠪᠦᠷᠢᠯᠳᠦᠬᠦᠨ ᠤ ᠦᠶᠯᠡᠳᠦᠯ ᠢ ᠪᠠᠳᠠᠷᠠᠭᠤᠯᠬᠤ ᠪᠠ ᠬᠥᠮᠦᠵᠢᠯ ᠪᠣᠯᠪᠠᠰᠤᠷᠠᠯ ᠤᠨ ᠪᠠᠶᠢᠳᠠᠯ᠂ ᠲᠥᠪ ᠠᠴᠠ ᠬᠠᠮᠲᠤ ᠶᠢᠨ ᠠᠵᠤ ᠠᠬᠤᠶ ᠶᠢᠨ ᠲᠥᠷᠥᠯ ᠵᠦᠶᠯ ᠢ ᠭᠤᠤᠯᠳᠠᠯᠭ᠎ᠠ ᠲᠠᠢ ᠬᠦᠭᠵᠢᠬᠦᠯᠦᠨ ᠪᠤᠵᠠᠭᠠᠶᠢᠷᠠᠭᠤᠯᠬᠤ ᠪᠠᠯᠠ ᠮᠥᠩᠭᠦ ᠶᠢᠨ ᠦᠷ᠎ᠡ ᠠᠰᠢᠭ᠂ ᠬᠠᠮᠲᠤ ᠶᠢᠨ ᠠᠵᠤ ᠠᠬᠤᠶ ᠶᠢᠨ ᠬᠥᠭᠵᠢᠯᠲᠡ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠨᠠᠮ ᠤᠨ ᠡᠭᠦᠷ ᠤᠨ ᠠᠵᠢᠯᠯᠠᠭ᠎ᠠ ᠥᠷᠨᠢᠭᠦᠯᠬᠦ ᠵᠡᠷᠭᠡ ᠠᠵᠢᠯ ᠢ ᠨᠠᠷᠢᠯᠢᠭ ᠤᠶᠢᠯᠠᠭᠠᠭᠰᠠᠨ ᠪᠠᠶᠢᠨ᠎ᠠ᠃        ᠶᠠᠨ ᠢ ᠱᠧᠩ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯ ᠨᠠᠮ ᠤᠨ ᠪᠦᠬᠦ ᠠᠵᠢᠯ ᠤᠨ ᠰᠠᠭᠤᠷᠢ ᠠᠴᠢᠶᠠᠯᠠᠪᠤᠷᠢ ᠮᠥᠨ᠂ ᠨᠢᠭᠡ ᠨᠠᠮ ᠤᠨ ᠡᠭᠦᠷ ᠪᠣᠯ ᠳᠠᠷᠤᠢ ᠨᠢᠭᠡ ᠲᠤᠭ ᠮᠥᠨ᠂ ᠨᠠᠮ ᠤᠨ ᠲᠤᠭ ᠢ ᠴᠠᠭ ᠢᠮᠠᠭᠲᠠ ᠲᠠᠯ᠎ᠠ ᠨᠤᠲᠤᠭ ᠲᠤ ᠨᠠᠮᠢᠷᠠᠭᠤᠯᠬᠤ ᠳᠤ᠂ ᠬᠤᠰᠢᠭᠤᠴᠢ ᠵᠢᠱᠢᠶᠡᠴᠢ ᠪᠤᠯᠵᠤ᠂ ︽ᠤᠯᠠᠮᠵᠢᠯᠠᠬᠤ ᠬᠠᠪᠰᠤᠷᠬᠤ ᠪᠠ ᠳᠠᠭᠠᠭᠤᠯᠬᠤ︾ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠢ ᠬᠠᠨᠤᠮᠵᠢᠲᠠᠢ ᠪᠠᠶᠢᠯᠭᠠᠬᠤ ᠬᠡᠷᠡᠭᠲᠡᠢ᠃ ᠰᠤᠷᠤᠯᠴᠠᠯᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠮᠠᠯᠵᠢᠬᠤ ᠣᠷᠣᠨ  ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠨᠠᠮ ᠤᠨ ᠡᠭᠦᠷ ᠤᠨ ᠬᠠᠮᠢᠶᠠᠷᠤᠯᠲᠠ  ᠶᠢᠨ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠠᠴᠠᠭ᠎ᠠ ᠲᠣᠰᠬᠤᠨ ᠤ ᠱᠠᠲᠤᠨ ᠤ ᠴᠢᠬᠤᠯᠠ ᠶᠡᠭᠡ ᠬᠡᠷᠡᠭ ᠶᠠᠪᠤᠳᠠᠯ ᠤᠨ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠲᠦᠷᠢᠮᠵᠢᠬᠦᠯᠦᠨ ᠨᠠᠶᠢᠳᠠᠪᠤᠷᠢᠵᠢᠭᠤᠯᠵᠤ᠂ ᠭᠤᠷᠪᠠᠨ ᠶᠠᠪᠤᠳᠠᠯ ᠢ ᠢᠯᠡ ᠪᠣᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠡᠯ᠎ᠡ ᠵᠦᠶᠯ ᠤᠨ ᠠᠵᠢᠯ ᠤᠨ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠯᠳᠦ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ᠃ ᠡᠯ᠎ᠡ ᠲᠥᠷᠥᠯ ᠤᠨ ᠰᠤᠷᠤᠯᠴᠠᠯᠭ᠎ᠠ ᠶᠢᠨ ᠠᠵᠢᠯᠯᠠᠭ᠎ᠠ ᠶᠢ ᠡᠮᠬᠢ ᠵᠢᠷᠤᠮ ᠲᠠᠢ ᠥᠷᠨᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯᠤᠨ ︽ᠳᠥᠷᠪᠡᠨ ᠲᠡᠦᠬᠡ︾ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠨᠠᠮ ᠤᠨ ᠭᠡᠰᠢᠭᠦᠨ ᠪᠣᠯᠤᠨ ᠦᠨᠳᠦᠰᠦᠲᠡᠨ ᠨᠦᠭᠦᠳ ᠤᠨ ᠣᠯᠠᠨ ᠲᠦᠮᠡᠨ ᠢ ᠨᠠᠮ ᠳᠠᠭᠠᠨ ᠨᠠᠩ ᠰᠠᠶᠢᠨ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠤᠯᠭᠠᠨ᠎ᠠ ᠭᠡᠵᠦ ᠴᠢᠬᠤᠯᠠᠴᠢᠯᠠᠵᠠᠢ᠃        ᠪᠤᠠᠠᠳᠠᠠᠭᠤᠯᠠ ᠰᠤᠮᠤ ᠳᠤ᠂ ᠶᠠᠨ ᠢ ᠱᠧᠩ ᠰᠤᠮᠤ ᠶᠢᠨ ᠨᠠᠮ ᠤᠨ ᠬᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠵᠦ ᠪᠠᠶᠢᠭ᠎ᠠ ᠪᠠᠶᠢᠳᠠᠯ᠂ ᠰᠤᠮᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠭᠰᠠᠨ ᠤ ᠳᠠᠷᠠᠭᠠᠬᠢ ᠺᠠᠳ᠋ᠷ ᠤᠨ ᠡᠩᠨᠡᠭᠡᠨ ᠤ ᠨᠠᠰᠤ ᠵᠢᠯ᠂ ᠰᠤᠷᠤᠯᠭ᠎ᠠ ᠶᠢᠨ ᠨᠠᠮᠲᠠᠷ ᠵᠡᠷᠭᠡ ᠪᠦᠲᠦᠴᠡ ᠶᠢᠨ ᠪᠠᠶᠢᠳᠠᠯ ᠪᠣᠯᠤᠨ ᠡᠭᠦᠷᠭᠡ ᠬᠠᠷᠢᠭᠤᠴᠠᠯᠭ᠎ᠠ  ᠪᠠᠨ ᠭᠦᠢᠴᠡᠳᠬᠡᠬᠦ ᠦᠢᠯᠡᠳᠦᠯ ᠢᠶᠠᠨ ᠪᠠᠳᠠᠷᠠᠭᠤᠯᠵᠤ ᠪᠠᠶᠢᠭ᠎ᠠ ᠪᠠᠶᠢᠳᠠᠯ ᠢ ᠨᠠᠷᠢᠯᠢᠭ ᠣᠶᠢᠯᠠᠭᠠᠪᠠ᠃ ᠰᠦᠯᠵᠢᠶᠡᠵᠢᠭᠰᠡᠨ ᠬᠠᠮᠢᠶᠠᠷᠤᠯᠲᠠ ᠶᠢ ᠪᠦᠬᠦᠨ ᠢ ᠬᠠᠮᠤᠷᠤᠭᠰᠠᠨ ᠵᠠᠰᠠᠯᠲᠠ ᠶᠢᠨ ᠵᠠᠭᠪᠤᠷ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠦᠶᠯᠡᠴᠢᠯᠡᠭᠡᠨ ᠤ ᠵᠠᠭᠪᠤᠷ ᠢ ᠳᠡᠭᠡᠳᠦ ᠬᠡᠮᠵᠢᠶ᠎ᠡ ᠪᠠᠷ ᠦᠨᠡᠯᠡᠵᠦ᠂ ᠠᠵᠢᠯᠲᠠᠳ ᠢ ︽ᠲᠠᠪᠤᠨ ᠭᠤᠷᠪᠠ︾ ᠶᠢᠨ ᠱᠠᠭᠠᠷᠳᠠᠯᠭ᠎ᠠ ᠶᠣᠰᠣᠭᠠᠷ᠂ ᠨᠠᠮ ᠶᠢ ᠭᠡᠰᠢᠬᠦᠨ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠤᠨ ᠴᠢᠳᠠᠮᠵᠢ ᠪᠠ ᠦᠶᠯᠡᠴᠢᠯᠡᠭᠡ ᠶᠢ ᠰᠠᠶᠢᠲᠤᠷ ᠲᠡᠭᠦᠯᠳᠡᠷᠵᠢᠭᠦᠯᠵᠦ᠂ ᠰᠠᠶᠢᠲᠤᠷ ᠨᠠᠶᠢᠳᠠᠪᠤᠷᠢᠵᠢᠭᠤᠯᠬᠤ ᠶᠢ ᠵᠣᠷᠢᠭᠵᠢᠭᠤᠯᠪᠠ᠃        ᠶᠠᠨ ᠢ ᠱᠧᠩ᠂ ᠨᠠᠮ ᠤᠨ ᠪᠠᠶᠢᠭᠤᠯᠤᠯᠲᠠ ᠶᠢᠨ ᠠᠵᠢᠯ ᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠰᠠᠶᠢᠲᠤᠷ ᠬᠢᠵᠦ᠂ ᠨᠠᠮ ᠤᠨ ᠪᠠᠶᠢᠭᠤᠯᠤᠯᠲᠠ ᠶᠢᠨ ᠠᠵᠢᠯ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠥᠨᠳᠥᠷ ᠵᠣᠭᠰᠣᠴᠠ ᠠᠴᠠ ᠡᠬᠢᠯᠡᠭᠦᠯᠵᠦ᠂ ᠴᠢᠨᠠᠷ ᠰᠠᠶᠢᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ ᠤ ᠺᠠᠳ᠋ᠷ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡ ᠪᠠᠷ ᠬᠦᠳᠦᠯᠦᠨ ᠳᠠᠭᠠᠭᠤᠯᠬᠤ ᠴᠢᠳᠠᠪᠤᠷᠢ ᠪᠣᠯᠤᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠳᠤᠤᠷᠵᠢᠭᠤᠯᠬᠤ ᠬᠠᠮᠢᠶᠠᠷᠤᠯᠲᠠ  ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠢ ᠨᠢᠭᠲᠠ ᠤᠶᠠᠯᠳᠤᠭᠤᠯᠬᠤ ᠬᠡᠷᠡᠭᠲᠡᠢ᠃ ᠨᠠᠮ ᠤᠨ ᠦᠨᠳᠦᠰᠦᠲᠡᠨ  ᠤ ᠤᠨᠤᠯ ᠪᠣᠯᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠢ ᠠᠨᠠᠷ ᠤᠨ ᠦᠷ᠎ᠡ ᠮᠡᠳᠦ ᠨᠢᠭᠲᠠᠷᠠᠨ ᠪᠦᠯᠬᠦᠮᠳᠡᠭᠦᠯᠬᠦ ᠬᠡᠷᠡᠭᠲᠡᠢ ᠭᠡᠵᠦ ᠱᠠᠭᠠᠷᠳᠠᠵᠠᠢ᠃        ᠶᠠᠨ ᠢ ᠱᠧᠩ ᠪᠠᠰᠠ ᠪᠣᠶᠢᠷ ᠨᠠᠭᠤᠷ ᠲᠤ ᠬᠦᠷᠴᠦ ᠨᠠᠭᠤᠷ ᠢ ᠳᠤᠭᠤᠷᠢᠨ ᠦᠵᠡᠵᠦ᠂ ᠲᠡᠷᠡ᠂ ᠬᠦᠭᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠮᠢ ᠠᠬᠤᠶ ᠣᠷᠴᠢᠨ ᠲᠣᠭᠤᠷᠢᠨ  ᠢ ᠶᠡᠷᠦᠩᠬᠡᠶᠢᠯᠡᠨ ᠵᠠᠰᠠᠬᠤ ᠪᠤᠳᠠᠳᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠣᠶᠢᠷ ᠨᠠᠭᠤᠷ ᠤᠨ ᠠᠮᠢ ᠠᠬᠤᠶ ᠶᠢ ᠵᠠᠰᠠᠨ ᠰᠡᠷᠭᠦᠭᠡᠬᠦ ᠵᠢᠴᠢ ᠬᠠᠮᠢᠶᠠᠷᠤᠨ ᠬᠠᠮᠠᠭᠠᠯᠠᠬᠤ ᠠᠵᠢᠯ ᠢ ᠴᠥᠬᠦᠷᠡᠰᠢ ᠥᠬᠡᠶ ᠰᠠᠶᠢᠲᠤᠷ ᠠᠳᠬᠤᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠲᠡᠩᠴᠡᠭᠦᠷᠢ ᠶᠢ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号