ᠰᠢᠨ᠎ᠡ ᠪᠠᠷᠭᠤ ᠪᠠᠷᠠᠭᠤᠨ ᠬᠤᠰᠢᠭᠤ ᠰᠦᠯᠵᠢᠶᠡᠨ ᠤ ᠠᠮᠤᠷ ᠲᠦᠪᠰᠢᠨ ᠤ ᠬᠠᠮᠲᠤᠷᠠᠭᠰᠠᠨ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/6/18
       ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ 6 ᠰᠠᠷ᠎ᠠ ᠶᠢᠨ 16 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠥᠪ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠶᠡᠭᠡ ᠠᠩᠭᠢ᠂ ᠨᠢᠭᠤᠴᠠ ᠶᠢ ᠬᠠᠮᠠᠭᠠᠯᠠᠬᠤ ᠨᠢᠭᠤᠴᠠ ᠲᠣᠪᠴᠢᠶ᠎ᠠ᠂ ᠠᠮᠤᠷ ᠲᠦᠪᠰᠢᠨ ᠤ ᠲᠣᠪᠴᠢᠶ᠎ᠠ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠰᠡᠨ ᠬᠠᠮᠲᠤᠷᠠᠨ ᠪᠠᠶᠢᠴᠠᠭᠠᠬᠤ ᠳᠤᠭᠤᠶᠢᠯᠠᠩ ᠬᠤᠰᠢᠭᠤᠨ ᠤ ᠰᠢᠭᠤᠳ ᠬᠠᠷᠢᠶ᠎ᠠ ᠡᠯ᠎ᠡ ᠨᠢᠭᠡᠴᠡ ᠳᠤ ᠰᠦᠯᠵᠢᠶᠡᠨ ᠤ ᠠᠮᠤᠷ ᠲᠦᠪᠰᠢᠨ  ᠤ ᠰᠤᠭᠤᠴᠢᠨ ᠪᠠᠶᠢᠴᠠᠭᠠᠯᠲᠠ ᠬᠢᠪᠠ᠃        ᠪᠠᠶᠢᠴᠠᠭᠠᠬᠤ ᠳᠤᠭᠤᠶᠢᠯᠠᠩ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠲᠤᠬᠠᠶ ᠶᠢᠨ ᠭᠠᠵᠠᠷ  ᠲᠤᠨᠢ ᠬᠦᠷᠴᠦ ᠣᠶᠢᠯᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠨᠢᠭᠡᠴᠡ ᠶᠢᠨ ᠰᠦᠯᠵᠢᠶ᠎ᠡ ᠶᠢᠨ ᠠᠮᠤᠷ ᠲᠦᠪᠰᠢᠨ ᠤ ᠸᠢᠷᠦ᠋ᠰ ᠤᠨ ᠪᠠᠶᠢᠴᠠᠭᠠᠨ ᠬᠡᠮᠵᠢᠯᠲᠡ᠂ ᠰᠦᠯᠵᠢᠶᠡᠨ ᠤ ᠠᠮᠤᠷ ᠲᠦᠪᠰᠢᠨ ᠤ ᠥ ᠰᠠᠪ ᠤᠨ ᠪᠠᠶᠢᠴᠠᠭᠠᠨ ᠬᠡᠮᠵᠢᠯᠲᠡ ᠬᠢᠪᠠ᠃ ᠡᠭᠦᠨ ᠤ ᠬᠠᠮᠲᠤ ᠠᠮᠤᠷ ᠲᠦᠪᠰᠢᠨ ᠤ ᠮᠡᠷᠭᠡᠵᠢᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠵᠡᠷᠭᠡ ᠰᠦᠯᠵᠢᠶᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠵᠢᠴᠢ ᠪᠠᠶᠢᠭᠤᠯᠭ᠎ᠠ ᠨᠢᠭᠡᠴᠡ ᠶᠢᠨ ᠮᠠᠰᠢᠨ ᠤ ᠬᠡᠷ ᠤᠨ ᠠᠮᠤᠷ ᠲᠦᠪᠰᠢᠨ ᠤ ᠪᠠᠶᠢᠳᠠᠯ ᠢ ᠨᠢᠭᠡᠳ ᠨᠢᠭᠡ ᠪᠠᠷ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠪᠠᠭᠤᠷᠠᠶ ᠲᠠᠯ᠎ᠠ᠂ ᠠᠮᠤᠷ ᠲᠦᠪᠰᠢᠨ ᠤ ᠥ ᠰᠠᠪ ᠪᠠ ᠲᠦᠭᠰᠢᠭᠦᠷᠢ ᠶᠢ ᠲᠤᠬᠠᠶ ᠶᠢᠨ ᠳᠠᠯᠠᠪᠤᠷ ᠲᠤ ᠨᠢ ᠮᠡᠳᠡᠭᠳᠡᠬᠦ  ᠶᠢᠨ ᠬᠠᠮᠲᠤ ᠮᠡᠷᠭᠡᠵᠢᠯ ᠤᠨ ᠵᠢᠯᠣᠭᠤᠳᠣᠯᠭ᠎ᠠ ᠬᠢᠪᠡ᠃ ᠠᠰᠠᠭᠤᠳᠠᠯ ᠣᠷᠣᠰᠢᠵᠤ ᠪᠠᠶᠢᠭ᠎ᠠ ᠨᠢᠭᠡᠴᠡ ᠳᠤ ᠴᠡᠭᠴᠡᠯᠡᠨ ᠰᠠᠶᠢᠵᠢᠷᠠᠭᠤᠯᠬᠤ ᠨᠠᠷᠢᠨ ᠲᠣᠳᠣᠷᠬᠠᠶ ᠮᠡᠳᠡᠭᠳᠡᠯ ᠤᠨ ᠪᠢᠴᠢᠭ ᠪᠠᠭᠤᠯᠭᠠᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠣᠯᠤᠨ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠳᠠᠯᠳᠠ ᠭᠡᠮ ᠢ ᠠᠷᠢᠯᠭᠠᠬᠤ ᠶᠢ ᠦᠨᠡᠨᠬᠦ ᠪᠠᠳᠤᠯᠠᠪᠠ        ᠪᠠᠶᠢᠴᠠᠭᠠᠯᠲᠠ ᠪᠠᠷ ᠳᠠᠮᠵᠢᠨ᠂ ᠡᠯ᠎ᠡ ᠨᠢᠭᠡᠴᠡ ᠶᠢᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠤᠯᠠᠮ ᠴᠢᠨᠠᠭᠰᠢᠳᠠ ᠳᠡᠭᠡᠭᠰᠢᠯᠡᠵᠦ᠂ ᠰᠦᠯᠵᠢᠶᠡᠨ ᠤ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠴᠢᠩᠭᠠᠷᠠᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠳᠤ ᠨᠠᠶᠢᠳᠠᠪᠤᠷᠢᠲᠠᠢ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠪᠠ᠃                            ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号