ᠤᠶᠢᠷ᠎ᠠ ᠶᠢᠨ ᠡᠳᠦᠷ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠷᠠᠳ ᠲᠤ | ᠪᠣᠳᠠᠲᠤ ᠶᠠᠪᠤᠳᠠᠯ ᠬᠢᠬᠦ ᠠᠵᠢᠯᠯᠠᠭ᠎ᠠ ᠥᠷᠨᠢᠭᠦᠯᠵᠦ᠂ ᠬᠥᠯᠥᠨ ᠪᠤᠶᠢᠷ ᠬᠤᠲᠠ ᠶᠢᠨ ᠳᠡᠰ ᠤᠨ ᠮᠥᠰᠥ ᠴᠠᠰᠤᠨ ᠤ | ᠲᠠᠮᠢᠷ ᠤᠨ ᠬᠥᠳᠡᠯᠭᠡᠭᠡᠨ ᠤ ᠣᠨᠴᠠᠯᠢᠭᠲᠤ ᠰᠤᠷᠭᠠᠭᠤᠯᠢ ᠪᠣᠯᠬᠤ ᠬᠤᠰᠢᠭᠤᠨ ᠤ ᠬᠤᠶᠠᠳᠤᠭᠠᠷ ᠪᠠᠭ᠎ᠠ | ᠰᠤᠷᠭᠠᠭᠤᠯᠢ ᠳᠤ ᠭᠥᠷᠴᠣ᠂ ᠰᠤᠷᠤᠭᠴᠢᠳ ᠲᠤ 40 ᠬᠦᠷᠳᠦᠲᠦ ᠭᠤᠯᠭᠤᠭᠤᠷ ᠱᠠᠬᠠᠢ ᠪᠡᠯᠡᠭᠯᠡᠪᠡ᠃ | | | | ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠬᠤᠶᠠᠳᠤᠭᠠᠷ ᠣᠨ ᠤ ᠨᠢᠭᠡᠳᠦᠭᠡᠷ ᠠᠩᠭᠢ ᠶᠢᠨ | ᠰᠤᠷᠤᠭᠴᠢ ᠪᠤᠤ ᠬᠠᠰᠠᠷ ᠪᠣᠯᠤᠨ ᠲᠡᠭᠦᠨ ᠤ ᠬᠠᠮᠲᠤ ᠰᠤᠷᠤᠭᠴᠢᠳ ᠨᠢ ᠬᠤᠰᠢᠭᠤᠨ ᠤ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠪᠠᠭ᠎ᠠ ᠠᠨᠢᠶ᠎ᠠ ᠨᠠᠷ ᠤᠨ ᠬᠦᠷᠭᠡᠵᠦ ᠢᠷᠡᠭᠰᠡᠨ ᠬᠦᠷᠳᠦᠲᠦ ᠭᠤᠯᠭᠤᠭᠤᠷ | ᠱᠠᠬᠠᠢ ᠶᠢ ᠲᠤᠷᠰᠢᠨ ᠡᠮᠦᠰᠴᠦ᠂ ᠲᠤᠶᠢᠯ ᠤᠨ ᠪᠠᠶᠠᠷ ᠲᠠᠢ ᠪᠠᠶᠢᠯ᠎ᠠ᠃ ᠲᠡᠷᠡ ᠰᠤᠷᠪᠤᠯᠵᠢᠯᠠᠭᠴᠢ ᠳᠤ᠂ ᠨᠢᠭᠡᠨ | ᠬᠦᠷᠳᠦᠲᠦ ᠲᠡᠰᠢᠭᠦᠷ ᠤᠨ ᠲᠠᠮᠢᠷᠴᠢᠨ ᠪᠣᠯᠬᠤ ᠭᠥᠰᠡᠯ ᠲᠠᠢ᠂ ᠬᠦᠷᠳᠦᠲᠦ ᠲᠡᠰᠢᠭᠦᠷ ᠤᠨ ᠲᠠᠮᠢᠷᠴᠢᠨ ᠪᠣᠯᠬᠤ ᠭᠡᠪᠡᠯ | ᠪᠡᠶ᠎ᠡ ᠶᠢᠨ ᠲᠠᠮᠢᠷ ᠤᠨ ᠬᠢᠴᠢᠶᠡᠯ ᠳᠡᠭᠡᠷ᠎ᠡ ᠪᠠᠨ ᠰᠠᠶᠢᠲᠤᠷ ᠪᠤᠯᠪᠠᠰᠤᠷᠠᠨ᠎ᠠ ᠭᠡᠵᠦ ᠪᠠᠶᠠᠷ ᠲᠠᠢ ᠭᠡᠯᠡᠵᠤ ᠪᠠᠶᠢᠪᠠ᠃ | | | | ᠮᠥᠰᠥ ᠴᠠᠰᠤᠨ ᠤ ᠲᠠᠮᠢᠷ ᠤᠨ ᠣᠨᠴᠠᠯᠢᠭᠲᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠶᠢᠨ ᠲᠥᠯᠥᠭᠡ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠭᠥᠯᠤᠨ | ᠪᠤᠶᠢᠷ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠮᠵᠢᠯᠭᠡ ᠶᠢ ᠤᠯᠵᠤ᠂ 40 ᠬᠦᠷᠳᠦᠲᠦ ᠭᠤᠯᠭᠤᠭᠤᠷ | ᠱᠠᠬᠠᠢ ᠬᠤᠳᠠᠯᠳᠤᠨ ᠠᠪᠴᠤ᠂ ᠬᠤᠶᠠᠳᠤᠭᠠᠷ ᠪᠠᠭ᠎ᠠ ᠰᠤᠷᠭᠠᠭᠤᠯᠢ ᠳᠤ ᠪᠡᠯᠡᠭᠯᠡᠵᠤ᠂ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠤ ᠣᠨᠴᠠᠯᠢᠭᠲᠤ ᠰᠤᠷᠭᠠᠭᠤᠯᠢ ᠳᠤ ᠪᠣᠯᠪᠠᠰᠤᠷᠠᠯ ᠤᠨ ᠪᠠᠭᠠᠵᠢ ᠬᠡᠷᠡᠭᠰᠡᠯ ᠤᠨ ᠪᠠᠲᠤᠯᠠᠭ᠎ᠠ | ᠬᠠᠩᠭᠠᠭᠰᠠᠨ ᠢᠶᠠᠷ ᠪᠠᠷᠠᠬᠤ ᠥᠭᠡᠢ᠂ ᠮᠠᠨ ᠤ ᠬᠤᠰᠢᠭᠤᠨ ᠤ ᠵᠠᠯᠠᠭᠤᠴᠤᠳ ᠪᠠᠭᠠᠴᠤᠳ ᠤᠨ ᠡᠪᠦᠯ ᠤᠨ ᠤᠯᠠᠷᠢᠯ ᠤᠨ | ᠲᠦᠷᠭᠡᠨ ᠲᠡᠰᠢᠯᠲᠡ ᠶᠢᠨ ᠲᠥᠷᠥᠯ ᠵᠦᠢᠯ ᠳᠤ ᠰᠠᠭᠤᠷᠢ ᠲᠠᠯᠪᠢᠭᠰᠠᠨ ᠪᠠᠶᠢᠨ᠎ᠠ᠃ | | | ᠰᠣᠷᠪᠤᠯᠵᠢᠯᠠᠭᠴᠢ ᠰᠣᠯᠤᠩᠭᠤᠸ᠎ᠠ ᠴᠢᠨ ᠷᠥᠩ | | |