ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠮᠠᠯ ᠠᠵᠤ ᠠᠬᠤᠢ ᠶᠢᠨ ᠪᠠᠶᠢᠴᠠᠭᠠᠯᠲᠠ ᠵᠢᠴᠢ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠥᠷᠢᠳᠭᠡᠭᠴᠢ ᠶᠢᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2021/6/22
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠶᠢᠨ ᠪᠠᠶᠢᠴᠠᠭᠠᠯᠲᠠ ᠶᠢᠨ ᠲᠥᠰᠦᠯ︾ ᠪᠣᠯᠤᠨ ︽2021 ᠣᠨ ᠤ A ᠲᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢᠨ ᠳᠦᠷᠢᠮ︾ ᠤᠨ ᠱᠠᠭᠠᠷᠳᠠᠯᠭ᠎ᠠ ᠶᠢ ᠦᠨᠳᠦᠰᠦᠯᠡᠵᠦ᠂ ᠵᠤᠨ ᠤ ᠤᠯᠠᠷᠢᠯ ᠤᠨ ᠮᠠᠯ ᠠᠵᠤ ᠠᠬᠤᠢ ᠶᠢᠨ ᠪᠠᠶᠢᠴᠠᠭᠠᠯᠲᠠ ᠶᠢᠨ ᠠᠵᠢᠯ ᠢ ᠰᠠᠶᠢᠲᠤᠷ ᠥᠷᠨᠢᠭᠦᠯᠵᠤ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠭᠦ ᠶᠢᠨ ᠲᠤᠰᠠᠳᠠ᠂ ᠤᠶᠢᠷ᠎ᠠ ᠶᠢᠨ ᠡᠳᠣᠷ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠦᠬᠦ ᠬᠤᠰᠢᠭᠤᠨ ᠤ ᠮᠠᠯ ᠠᠵᠤ ᠠᠬᠤᠢ ᠶᠢᠨ ᠪᠠᠶᠢᠴᠠᠭᠠᠯᠲᠠ ᠵᠢᠴᠢ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠥᠷᠢᠳᠭᠡᠭᠴᠢ ᠶᠢᠨ ᠪᠣᠯᠪᠠᠰᠤᠷᠠᠯ ᠤᠨ ᠠᠩᠭᠢ ᠶᠢ ᠡᠷᠬᠢᠯᠡᠪᠡ᠃      ᠪᠤᠯᠪᠠᠰᠤᠷᠠᠯ ᠳᠤ᠂ ᠬᠥᠯᠥᠨ ᠪᠤᠶᠢᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠪᠤᠯᠪᠠᠰᠤᠷᠠᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠡᠯ᠎ᠡ ᠵᠦᠢᠯ ᠤᠨ ᠱᠠᠭᠠᠷᠳᠠᠯᠭ᠎ᠠ ᠶᠢ ᠤᠯᠠᠮᠵᠢᠯᠠᠬᠤ ᠶᠢᠨ ᠬᠠᠮᠲᠤ᠂ 2011 ᠣᠨ ᠤ ᠪᠦᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠠᠵᠢᠯ ᠳᠤ ᠪᠠᠶᠢᠷᠢᠯᠠᠭᠤᠯᠤᠯᠲᠠ ᠬᠢᠵᠤ᠂ ᠬᠠᠮᠢᠶᠠᠳᠠᠢ ᠲᠤᠬᠠᠶᠢᠯᠠᠭᠰᠠᠨ ᠠᠵᠢᠯ ᠤᠨ ᠠᠵᠢᠯᠳᠠᠨ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠮᠠᠯ ᠠᠵᠤ ᠠᠬᠤᠢ ᠶᠢᠨ ᠪᠠᠶᠢᠴᠠᠭᠠᠯᠲᠠ᠂ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ᠂ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠠᠵᠢᠯ ᠢ ᠭᠤᠣᠯᠳᠠᠯᠭ᠎ᠠ ᠲᠠᠢ ᠲᠠᠶᠢᠯᠪᠤᠷᠢᠯᠠᠪᠠ᠃      ᠪᠤᠯᠪᠠᠰᠤᠷᠠᠯ ᠤᠨ ᠳᠠᠷᠠᠭ᠎ᠠ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠢᠶᠠᠳᠠᠢ ᠬᠠᠷᠢᠭᠤᠴᠠᠯᠭᠠᠳᠠᠨ ᠠᠮᠤ ᠪᠤᠳᠠᠭᠠᠨ ᠤ ᠲᠠᠷᠢᠮᠠᠯ᠂ ᠠᠵᠤ ᠠᠬᠤᠢ ᠶᠢᠨ ᠲᠠᠷᠢᠮᠠᠯ᠂ ᠮᠠᠯ ᠤᠨ ᠲᠤᠭ᠎ᠠ ᠲᠣᠯᠣᠭᠠᠢ ᠵᠡᠷᠭᠡ ᠮᠡᠳᠡᠭᠦᠯᠦᠯᠲᠡ ᠶᠢᠨ ᠬᠦᠰᠦᠨᠦᠭᠲᠦ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠬᠢᠬᠦ ᠠᠷᠭ᠎ᠠ ᠪᠣᠯᠤᠨ ᠲᠠᠭᠯᠠᠨ ᠪᠢᠴᠢᠬᠦ ᠱᠠᠭᠠᠷᠳᠠᠯᠭ᠎ᠠ ᠵᠢᠴᠢ ᠳᠡᠭᠡᠭᠰᠢ ᠮᠡᠳᠡᠭᠦᠯᠬᠦ ᠬᠦᠰᠦᠨᠦᠭᠲᠦ ᠶᠢᠨ ᠴᠠᠭ ᠬᠤᠭᠤᠴᠠᠭᠠᠨ ᠤ ᠵᠠᠩᠭᠢᠯᠠᠭ᠎ᠠ ᠶᠢ ᠨᠠᠷᠢᠯᠢᠭ ᠲᠠᠶᠢᠯᠪᠤᠷᠢᠯᠠᠬᠤ ᠶᠢᠨ ᠬᠠᠮᠲᠤ ᠮᠡᠳᠡᠭᠦᠯᠦᠯᠲᠡ ᠶᠢᠨ ᠬᠦᠰᠦᠨᠦᠭ ᠤᠨ ᠭᠥᠢᠴᠡᠳᠭᠡᠯ ᠲᠤᠭ᠎ᠠ ᠶᠢᠨ ᠲᠠᠶᠢᠯᠪᠤᠷᠢ᠂ ᠬᠢᠨᠠᠨ ᠬᠠᠷᠭᠤᠭᠤᠯᠬᠤ ᠲᠠᠷᠠᠭᠠᠯᠠᠯ ᠳᠤ ᠨᠠᠷᠢᠨ ᠲᠣᠳᠣᠷᠬᠠᠶᠢᠯᠠᠯᠲᠠ ᠬᠢᠭᠰᠡᠨ ᠪᠠᠶᠢᠨ᠎ᠠ᠃        ᠲᠤᠰ ᠤᠳᠠᠭᠠᠨ ᠤ ᠪᠤᠯᠪᠠᠰᠣᠷᠠᠯ ᠢᠶᠠᠷ ᠲᠠᠮᠵᠢᠨ᠂ ᠰᠤᠮᠤ ᠪᠠᠯᠭᠠᠰᠤ ᠶᠢᠨ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠪᠣᠯᠤᠨ ᠮᠡᠷᠭᠡᠵᠢᠯ ᠤᠨ ᠴᠢᠳᠠᠪᠤᠷᠢ ᠶᠢᠨ ᠬᠢᠷᠢ ᠬᠡᠮᠵᠢᠶ᠎ᠡ ᠶᠢ ᠪᠦᠲᠦᠮᠵᠢᠲᠡᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢᠨ ᠶᠠᠰᠤ ᠴᠢᠨᠠᠷ ᠢ ᠲᠡᠭᠡᠭᠰᠢᠯᠡᠭᠦᠯᠤᠨ᠂ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠲᠥᠷᠢᠮᠵᠢᠯᠡᠭᠦᠯᠵᠤ᠂ ᠥᠨᠳᠥᠷ ᠶᠠᠰᠤ ᠴᠢᠨᠠᠷ ᠢᠶᠠᠷ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠪᠦᠷᠢᠳᠬᠡᠯ ᠤᠨ ᠠᠵᠢᠯ ᠢ ᠥᠷᠨᠢᠭᠦᠯᠬᠦ ᠳᠤ ᠰᠠᠭᠤᠷᠢ ᠶᠢ ᠨᠢ ᠪᠠᠬᠢᠵᠢᠭᠦᠯᠪᠡ᠃                                             ᠰᠣᠷᠪᠤᠯᠵᠢᠯᠠᠭᠴᠢ  ᠰᠣᠯᠣᠩᠭᠤᠸ᠎ᠠ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号