6 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠢᠦᠶ ᠯᠢ ᠰᠢᠨ | ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ 216 ᠳ᠋ᠤᠭᠠᠷ | ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠭᠤᠤ ᠷᠦᠨ ᠰᠢ ᠵᠢᠴᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ | ᠵᠢᠢ ᠷᠦᠩ ᠨᠠᠷ ᠬᠤᠷᠠᠯ ᠳᠤ ᠰᠤᠯᠠ ᠣᠷᠣᠯᠴᠠᠵᠠᠢ᠃ | | | | ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ︽︿ᠤᠬ ᠰᠠᠨᠠᠭ᠎ᠠ ᠪᠠᠨ ᠦᠯᠦ ᠮᠠᠷᠲᠠᠵᠤ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠭᠦᠯᠦᠯᠭᠡ | ︾ ᠶᠢ ᠲᠣᠭᠤᠷᠢᠨ ᠦᠵᠡᠬᠦ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ᠂ ᠪᠦᠬᠦ ᠬᠤᠳᠠ ᠶᠢᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ | ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠤᠬ | ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠤᠨᠤᠯ ᠢᠶᠠᠷ ᠵᠡᠪᠰᠡᠭᠯᠡᠬᠦ ᠪᠠᠨ ᠴᠢᠩᠭᠠᠳᠬᠠᠵᠤ᠂ | ᠬᠤᠪᠢᠰᠬᠠᠯ ᠤᠨ ᠵᠣᠷᠢᠭ ᠰᠠᠨᠠᠭ᠎ᠠ ᠶᠢ ᠵᠠᠯᠭᠠᠮᠵᠢᠯᠠᠵᠤ᠂ ᠳᠤᠮᠳᠠᠳᠤ ᠤᠯᠤᠰ ᠤᠨ ᠡᠪ ᠬᠠᠮᠲᠤᠴᠤᠳ ᠤᠨ ᠤᠶᠤᠨ | ᠰᠠᠨᠠᠭᠠᠨ ᠤ ᠠᠤᠭ᠎ᠠ ᠬᠦᠴᠦᠨ ᠢᠶᠠᠷ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠵᠠᠮ ᠨᠡᠭᠡᠭᠡᠨ ᠤᠷᠤᠭᠰᠢᠯᠠᠵᠤ᠂ ᠮᠠᠨ ᠤ ᠬᠤᠳᠠ ᠶᠢᠨ ᠦᠨᠳᠦᠰᠦᠲᠡᠨ ᠨᠦᠭᠦᠳ ᠤᠨ | ᠠᠷᠠᠳ ᠲᠦᠮᠡᠨ ᠳᠤ ᠰᠠᠶᠢᠨ ᠰᠠᠶᠢᠬᠠᠨ ᠠᠮᠢᠳᠤᠷᠠᠯ ᠢ ᠡᠭᠦᠳᠦᠨ ᠪᠦᠲᠦᠭᠡᠵᠦ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ ᠳᠤ ᠬᠦᠴᠦᠨ | ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠮᠠᠨ ᠤ ᠬᠤᠲᠠ ᠶᠢᠨ ᠨᠠᠮ ᠤᠨ ᠲᠥᠪ ᠬᠤᠷᠢᠶᠠᠨ ᠤ ᠤᠯᠤᠰ ᠲᠥᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠥᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ ᠤᠨ | ᠥᠪᠡᠷᠲᠡᠭᠡᠨ ᠵᠠᠰᠠᠬᠤ ᠣᠷᠣᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠵᠢᠴᠢ ᠦᠨᠳᠦᠰᠦᠲᠡᠨ ᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠤᠭᠰᠠᠨ ᠤ ᠳᠠᠷᠠᠭ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠤᠯᠤᠰ ᠲᠥᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠦᠨᠳᠦᠰᠦᠲᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠠᠵᠢᠯ ᠤᠨ ᠭᠤᠣᠯ | ᠰᠢᠵᠢᠮ ᠢ ᠴᠢᠩᠭ᠎ᠠ ᠡᠵᠡᠮᠳᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠬᠥᠮᠦᠵᠢᠯ ᠢ ᠪᠠᠶᠢᠩᠭᠤᠵᠢᠭᠤᠯᠵᠤ᠂ ᠤᠷᠲᠤ ᠬᠤᠭᠤᠴᠠᠭ᠎ᠠ ᠪᠦᠲᠦᠮᠵᠢᠲᠡᠢ ᠠᠬᠢᠭᠤᠯᠵᠤ᠂ | ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠦᠨᠡᠨ ᠬᠦ | ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ ᠪᠠᠶᠢᠭᠤᠯᠤᠯᠳᠠ ᠶᠢᠨ ᠠᠵᠢᠯ ᠤᠨ | ᠲᠦᠷᠢᠮ︾ ᠢ ᠰᠤᠷᠤᠯᠴᠠᠭᠰᠠᠨ ᠤ ᠳᠠᠷᠠᠭ᠎ᠠ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ | ᠪᠠᠶᠢᠷᠢᠨ ᠳᠤ ᠲᠠᠯᠪᠢᠵᠤ᠂ ᠨᠠᠮ ᠤᠨ ᠤᠳᠤᠷᠢᠳᠤᠯᠭ᠎ᠠ ᠶᠢ ᠪᠥᠬᠦ ᠬᠤᠲᠠ ᠶᠢᠨ ᠡᠯ᠎ᠡ ᠲᠠᠰ ᠳᠠᠪᠬᠤᠷᠭ᠎ᠠ ᠡᠯ᠎ᠡ ᠬᠦᠷᠢᠶ᠎ᠡ | ᠴᠠᠷᠠᠭ᠎ᠠ ᠡᠯ᠎ᠡ ᠲᠠᠯ᠎ᠠ ᠳᠤ ᠦᠨᠡᠨ ᠬᠦ ᠡᠷᠴᠢᠮᠲᠡᠢ ᠪᠦᠲᠦᠮᠵᠢᠲᠡᠶ ᠨᠠᠶᠢᠳᠠᠪᠤᠷᠢᠵᠢᠭᠤᠯᠬᠤ ᠬᠡᠷᠡᠭᠲᠡᠶ︔ ᠠᠵᠢᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠲᠠ ᠶᠢᠨ ᠲᠣᠰ ᠱᠠᠲᠤᠨ ᠤ ᠪᠠ ᠬᠤᠰᠢᠭᠤ ᠬᠤᠲᠠ ᠲᠣᠭᠤᠷᠢᠭ ᠤᠨ | ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠠᠳᠬᠤᠵᠤ᠂ ᠵᠣᠬᠢᠶᠠᠨ ᠪᠠᠶᠢᠭᠤᠯᠤᠯᠲᠠ ᠶᠢᠨ | ᠱᠤᠭᠤᠮ ᠤᠨ ᠤᠯᠤᠰ ᠲᠥᠷᠥ ᠶᠢᠨ ᠱᠤᠭᠤᠮ ᠳᠤ ᠨᠠᠩ ᠰᠠᠶᠢᠲᠤᠷ ᠦᠢᠯᠡᠴᠢᠯᠡᠬᠦ ᠶᠢ ᠠᠬᠢᠭᠤᠯᠬᠤ ᠬᠡᠷᠡᠭᠲᠡᠶ ᠭᠡᠵᠡᠢ᠃ | ᠬᠤᠷᠠᠯ ᠠᠴᠠ ᠪᠥᠬᠦ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠦᠶᠡᠷ ᠢ | ᠰᠡᠷᠭᠡᠶᠢᠯᠡᠬᠦ᠂ ᠳᠣᠲᠣᠭᠠᠳᠤ ᠶᠢ ᠬᠠᠮᠠᠭᠠᠯᠠᠬᠤ ᠪᠠ ᠵᠠᠬᠢᠳᠠᠯ ᠰᠤᠷᠪᠤᠯᠵᠢᠯᠠᠯ ᠵᠡᠷᠭᠡ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠪᠥᠬᠦ ᠬᠤᠲᠠ ᠶᠢᠨ ᠡᠯ᠎ᠡ ᠬᠤᠰᠢᠭᠤ ᠬᠤᠲᠠ ᠲᠣᠭᠤᠷᠢᠭ᠂ ᠡᠯ᠎ᠡ | ᠰᠠᠯᠠᠭ᠎ᠠ ᠮᠥᠴᠢᠷ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ | ᠲᠣᠭᠲᠠᠯ ᠬᠦᠴᠦᠨ ᠢᠶᠠᠨ ᠢᠮᠠᠭᠲᠠ ᠪᠠᠲᠤᠯᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ | ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠢᠨᠠᠯᠲᠠ | ᠬᠠᠮᠢᠶᠠᠷᠤᠯᠲᠠ ᠶᠢᠨ ᠲᠦᠷᠢᠮ ᠤᠨ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠮᠠᠨ ᠤ ᠬᠤᠲᠠ ᠶᠢᠨ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ | ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠦᠶᠡᠷ ᠢ ᠰᠡᠷᠭᠡᠶᠢᠯᠡᠵᠦ ᠠᠶᠤᠯ ᠠᠴᠠ | ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ | ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ | ᠦᠨᠡᠨ ᠬᠦ ᠪᠠᠲᠤᠯᠠᠬᠤ ᠬᠡᠷᠡᠭᠲᠡᠢ︔ ᠦᠨᠡᠨᠴᠢ ᠰᠢᠳᠤᠷᠭᠤ ᠴᠠᠭᠳᠠᠭᠠᠨ ᠤ ᠰᠦᠷ ᠰᠦᠯᠳᠡ ᠶᠢ ᠪᠠᠲᠤᠳᠬᠠᠵᠤ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ | ᠴᠡᠭᠴᠡᠯᠡᠯᠲᠡ ᠶᠢ ᠭᠦᠨᠵᠡᠭᠡᠢ ᠥᠷᠨᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠳᠣᠲᠣᠭᠠᠳᠤ ᠶᠢ ᠬᠠᠮᠠᠭᠠᠯᠠᠬᠤ ᠲᠡᠮᠦᠷ | ᠴᠡᠷᠢᠭ ᠢ ᠳᠠᠪᠲᠠᠨ ᠪᠣᠯᠪᠠᠰᠤᠷᠠᠭᠤᠯᠵᠤ᠂ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠨᠡᠶᠢᠭᠡᠮ ᠤᠨ | ᠠᠮᠤᠷ ᠲᠣᠭᠲᠠᠭᠤᠨ ᠢ ᠪᠦᠬᠦ ᠬᠦᠴᠦ ᠪᠠᠷ ᠢᠶᠠᠨ ᠬᠠᠮᠠᠭᠠᠯᠠᠵᠤ᠂ ᠠᠷᠠᠳ ᠲᠦᠮᠡᠨ ᠤ ᠠᠮᠤᠷ ᠲᠣᠭᠲᠠᠭᠤᠨ ᠢ ᠦᠨᠡᠨ ᠬᠦ | ᠪᠠᠲᠤᠯᠠᠬᠤ ᠬᠡᠷᠡᠭᠲᠡᠢ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠳᠠᠷᠤᠭᠳᠠᠮᠠᠯ | ᠬᠡᠷᠡᠭ ᠢ ᠰᠢᠢᠳᠪᠦᠷᠢᠯᠡᠬᠦ ᠨᠤᠷᠮ᠎ᠠ ᠶᠢ ᠬᠦᠴᠦᠯᠡᠨ ᠳᠡᠭᠡᠭᠰᠢᠯᠡᠭᠦᠯᠵᠦ᠂ ᠤᠯᠠᠨ ᠲᠦᠮᠡᠨ ᠤ ᠵᠦᠢ ᠶᠤᠰᠤᠨ ᠤ ᠬᠠᠤᠯᠢ | ᠶᠣᠰᠣᠨ ᠤ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠶᠢ ᠰᠠᠶᠢᠲᠤᠷ ᠰᠢᠢᠳᠪᠦᠷᠢᠯᠡᠬᠦ ᠶᠢ ᠦᠨᠡᠨ ᠬᠦ ᠪᠠᠲᠤᠯᠠᠬᠤ | ᠬᠡᠷᠡᠭᠲᠡᠢ ᠭᠡᠵᠦ ᠴᠢᠬᠤᠯᠠᠴᠢᠠᠯᠠᠪᠠ᠃ | ᠬᠤᠷᠠᠯ ᠠᠴᠠ ᠪᠠᠰᠠ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠠᠷᠪᠠᠨ | ᠳᠥᠷᠪᠡᠳᠦᠭᠡᠷ ᠪᠥᠬᠦᠳᠡ ᠬᠤᠷᠠᠯ ᠢ ᠬᠤᠷᠠᠯᠳᠤᠭᠤᠯᠬᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠪᠦᠬᠦ ᠬᠤᠲᠠ ᠶᠢᠨ | ︽ᠬᠤᠶᠠᠷ ᠰᠢᠯᠢᠳᠡᠭ ᠨᠢᠭᠡ ᠲᠡᠷᠢᠬᠦᠨ︾ ᠤ ᠬᠥᠬᠢᠭᠦᠯᠦᠨ ᠰᠠᠶᠢᠰᠢᠶᠠᠭᠳᠠᠭᠰᠠᠳ ᠤᠨ ᠨᠡᠷᠡᠰ ᠵᠡᠷᠭᠡ ᠠᠭᠤᠯᠭ᠎ᠠ ᠶᠢ | ᠬᠢᠨᠠᠨ ᠵᠥᠪᠯᠡᠪᠡ᠃ | | |