ᠠᠷᠣᠬᠠᠰᠢᠶᠠᠳᠣ ᠪᠣᠭᠤᠮᠲᠠ ᠶᠢᠨ ᠬᠤᠯᠪᠣᠭᠠᠯᠠᠭᠰᠠᠨ ᠨᠠᠮ ᠤᠨ ᠡᠭᠦᠷ᠂ ᠪᠣᠭᠤᠮᠲᠠ ᠶᠢᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/6/28
       ᠣᠶᠢᠷ᠎ᠠ ᠶᠢᠨ ᠡᠳᠦᠷ᠂ ᠠᠷᠣᠬᠠᠰᠢᠶᠠᠳᠣ ᠪᠣᠭᠤᠮᠲᠠ ᠶᠢᠨ ᠬᠤᠯᠪᠣᠭᠠᠯᠠᠭᠰᠠᠨ ᠨᠠᠮ ᠤᠨ ᠡᠭᠦᠷ᠂ ᠪᠣᠭᠤᠮᠲᠠ ᠶᠢᠨ ᠬᠠᠮᠲᠤᠷᠠᠭᠰᠠᠨ ᠠᠵᠢᠯᠴᠢᠨ ᠤ ᠡᠪᠯᠡᠯ ᠤᠨ ᠬᠤᠯᠪᠤᠭᠠᠳᠦ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠵᠠᠰᠠᠭ ᠤᠨ ᠤᠷᠳᠤᠨ ᠤ ᠳᠡᠳ᠋ ᠬᠤᠰᠢᠭᠤᠨ ᠲᠠᠷᠤᠭ᠎ᠠ ᠴᠧᠨ ᠯᠥᠩ᠂ ᠳᠡᠳ᠋ ᠬᠤᠰᠢᠭᠤᠨ ᠳᠠᠷᠤᠭ᠎ᠠ ᠤᠯᠠᠭᠠᠨᠳᠣᠶᠠᠭ᠎ᠠ ᠠᠵᠢᠯᠯᠠᠭ᠎ᠠ ᠳᠤ ᠤᠷᠤᠯᠴᠠᠵᠠᠢ᠃        ᠰᠦᠷ ᠵᠢᠪᠬᠤᠯᠠᠩᠲᠤ ᠲᠤᠭ ᠮᠠᠨᠳᠤᠭᠤᠯᠬᠤ ᠶᠣᠰᠣᠯᠠᠯ ᠤᠨ ᠳᠠᠷᠠᠭ᠎ᠠ᠂ ᠪᠦᠬᠦ ᠨᠠᠮ ᠤᠨ ᠭᠡᠰᠢᠭᠦᠳ ᠨᠠᠮ ᠳᠤ ᠣᠷᠣᠬᠤ ᠲᠠᠩᠭᠠᠷᠢᠭ ᠢ ᠲᠠᠬᠢᠨᠳᠠ ᠬᠢᠵᠤ᠂ ︽ᠵᠠᠭᠤᠨ ᠴᠡᠷᠢᠭ ᠠᠩᠭᠢ ᠬᠠᠮᠲᠤᠪᠠᠷ ᠨᠢᠭᠡ ᠳᠠᠭᠤᠤ ᠳᠠᠭᠤᠯᠠᠬᠤ︾ ᠠᠵᠢᠯᠯᠠᠭ᠎ᠠ  ᠥᠷᠨᠢᠭᠦᠯᠪᠡ᠃        ᠣᠶᠢᠷ᠎ᠠ ᠵᠢᠨ‌ᠡᠳᠦᠷ᠂ ᠠᠷᠣᠬᠠᠰᠢᠶᠠᠳᠣ ᠪᠣᠭᠤᠮᠲᠠ ᠶᠢᠨ ᠬᠤᠯᠪᠣᠭᠠᠯᠠᠭᠰᠠᠨ ᠨᠠᠮ ᠤᠨ ᠡᠭᠦᠷ᠂ ᠪᠣᠭᠤᠮᠲᠠ ᠶᠢᠨ ᠬᠠᠮᠲᠤᠷᠠᠭᠰᠠᠨ ᠠᠵᠢᠯᠴᠢᠨ ᠤ ᠡᠪᠯᠡᠯ ᠤᠨ ᠬᠤᠯᠪᠤᠭᠠᠳᠦ ᠬᠤᠷᠠᠯ ᠠᠴᠠ ᠴᠢᠬᠤᠯᠠᠴᠢᠯᠠᠬᠤ ᠳᠠᠭᠠᠨ᠂ ᠤᠯᠤᠰ ᠳᠠᠶᠠᠭᠠᠷ ᠪᠠᠶᠠᠷᠯᠠᠨ ᠪᠡᠯᠭᠡᠯᠡᠵᠦ᠂ ᠠᠷᠠᠳ ᠲᠦᠮᠡᠨ ᠪᠠᠶᠠᠷ ᠬᠥᠷ ᠲᠠᠢ ᠪᠠᠶᠢᠬᠤ ᠴᠠᠭ ᠮᠥᠴᠡ ᠳᠤ᠂ ᠪᠦᠬᠦ ᠨᠠᠮ ᠤᠨ ᠭᠡᠰᠢᠭᠦᠨ ᠪᠠ ᠺᠠᠳ᠋ᠷ ᠠᠵᠢᠯᠲᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠦ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠱᠠᠭᠠᠷᠳᠠᠯᠭ᠎ᠠ ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ  ᠢᠶᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ  ᠢ ᠭᠥᠨᠵᠡᠭᠡᠶᠢᠷᠡᠭᠦᠯᠭᠦ ᠶᠢ ᠲᠥᠯᠬᠢᠨ ᠠᠬᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠠᠯᠠᠭᠤᠨ ᠥᠷᠨᠢᠯᠳᠠ ᠶᠢ ᠪᠤᠢ ᠪᠤᠯᠭᠠᠨ᠂ ᠡᠯ᠎ᠡ ᠲᠥᠷᠥᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠦᠨᠡᠨᠬᠦ ᠪᠡᠶᠡᠯᠡᠭᠦᠯᠦᠨ᠂ ᠪᠣᠭᠤᠮᠲᠠ ᠶᠢᠨ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠡᠭᠦᠳᠦᠨ᠂ ᠦᠵᠡᠰᠬᠦᠯᠡᠩᠲᠦ ᠰᠠᠶᠢᠬᠠᠨ ᠡᠶ᠎ᠡ ᠵᠣᠬᠢᠴᠠᠩᠭᠤᠢ ᠠᠮᠤᠷ ᠠᠮᠤᠭᠤᠯᠠᠩ ᠰᠢᠨ᠎ᠡ ᠪᠠᠷᠭᠤ ᠪᠠᠷᠠᠭᠤᠨ ᠬᠤᠰᠢᠭᠤ ᠶᠢ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠰᠢᠯᠢᠳᠡᠭ ᠰᠠᠶᠢᠨ ᠪᠦᠲᠦᠮᠵᠢ ᠪᠠᠷ ᠨᠠᠮ  ᠪᠠᠶᠢᠭᠤᠯᠤᠭᠳᠠᠭᠰᠠᠨ100 ᠵᠢᠯ ᠤᠨ ᠤᠢ ᠶᠢ ᠤᠭᠲᠤᠬᠤ ᠭᠡᠷᠡᠭᠳᠠᠢ ᠭᠡᠵᠠᠢ᠃        ᠠᠵᠢᠯᠯᠠᠭ᠎ᠠ ᠳᠤ᠂ ᠬᠥᠯ ᠪᠥᠮᠪᠦᠭᠡ᠂ ᠰᠠᠭᠰᠤᠨ ᠪᠥᠮᠪᠦᠭᠡ᠂ ᠥᠲᠥᠨ ᠪᠥᠮᠪᠦᠭᠡ᠂ ᠴᠢᠴᠢᠭᠦᠷ ᠪᠥᠮᠪᠦᠭᠡ᠂ ᠳᠡᠭᠡᠰᠦ ᠲᠠᠲᠠᠬᠤ᠂ ᠣᠶᠤᠨ ᠤ ᠤᠷᠤᠯᠳᠤᠭᠠᠨ ᠵᠡᠷᠭᠡ ᠪᠠᠶᠠᠯᠢᠭ ᠰᠠᠶᠢᠬᠠᠨ ᠰᠣᠶᠣᠯ ᠲᠠᠮᠢᠷ ᠤᠨ ᠤᠷᠤᠯᠳᠤᠭᠠᠨ ᠲᠤᠬᠢᠷᠠᠭᠤᠯᠵᠠᠢ᠃ ᠤᠷᠤᠯᠳᠤᠭᠠᠨ ᠤ ᠲᠠᠯᠠᠪᠤᠷ ᠲᠤ᠂ ᠡᠯ᠎ᠡ ᠤᠷᠤᠯᠳᠤᠭᠠᠨ ᠳᠤ ᠣᠷᠣᠯᠴᠠᠬᠤ ᠠᠩᠭᠢ᠂ ᠡᠯ᠎ᠡ ᠲᠠᠮᠢᠷᠴᠢᠳ ᠨᠥᠬᠦᠷᠯᠡᠯ ᠨᠢᠭᠡᠳᠦᠭᠡᠷ᠂ ᠤᠷᠤᠯᠳᠤᠭᠠᠨ ᠬᠤᠶᠠᠳᠤᠭᠠᠷ ᠭᠡᠭᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠠᠶᠢᠨ ᠰᠠᠶᠢᠬᠠᠨ ᠬᠠᠮᠲᠤ ᠨᠡᠶᠢᠲᠡ ᠶᠢᠨ ᠵᠣᠷᠢᠭ ᠰᠠᠨᠠᠭ᠎ᠠ ᠶᠢ ᠢᠯᠡᠷᠡᠭᠦᠯᠵᠤ᠂  ᠡᠯ᠎ᠡ ᠭᠥᠷᠢᠶ᠎ᠡ ᠴᠠᠷᠠᠭᠠᠨ ᠳᠠᠬᠢ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃                  ᠡᠬᠡ ᠪᠢᠴᠢᠭ ᠬᠠᠩᠭᠠᠭᠰᠠᠨ ᠨᠢ᠄ ᠬᠠᠮ ᠵᠠᠭᠤᠴᠢᠯᠠᠭᠤᠷ ᠤᠨ ᠲᠦᠪ                                ᠰᠣᠯᠣᠩᠭᠤᠸ᠎ᠠ᠂ ᠴᠢᠨ ᠷᠦᠩ 
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号