ᠪᠤᠶᠢᠷ ᠰᠤᠮᠤ ᠶᠢᠨ ᠮᠡᠨᠡᠩᠳᠠᠯ᠎ᠠ ᠭᠠᠴᠠᠭ᠎ᠠ ᠶᠢᠨ ᠨᠠᠮ ᠤᠨ ᠡᠭᠦᠷ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠠᠶᠠᠷᠯᠠᠨ ᠤᠭᠲᠤᠬᠤ ᠨᠠᠮ ᠤᠨ ᠡᠳᠦᠷ ᠤᠨ ᠭᠥᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2021/6/29
     ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠤᠭᠳᠤᠵᠤ᠂ ᠨᠠᠮ ᠤᠨ ᠲᠡᠦᠬᠡ ᠶᠢᠨ ᠰᠣᠷᠣᠯᠴᠠᠯᠭ᠎ᠠ ᠶᠢᠨ ᠠᠭᠤᠷ ᠠᠮᠢᠰᠬᠤᠯ ᠢ  ᠭᠥᠨ ᠪᠤᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠥᠳᠣᠭᠡᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠭᠦ ᠶᠢᠨ ᠲᠤᠰᠠᠳᠠ᠂ ᠣᠶᠢᠷ᠎ᠠ ᠳᠤ ᠪᠤᠶᠢᠷ ᠰᠤᠮᠤ ᠶᠢᠨ ᠮᠡᠨᠡᠩᠳᠠᠯ᠎ᠠ ᠭᠠᠴᠠᠭ᠎ᠠ ᠶᠢᠨ ᠨᠠᠮ ᠤᠨ ᠡᠭᠦᠷ ︽ᠬᠤᠪᠢᠰᠬᠠᠯ ᠤᠨ ᠰᠤᠳᠠᠰᠤ ᠶᠢ ᠤᠯᠠᠮᠵᠢᠯᠠᠨ ᠵᠠᠯᠭᠠᠮᠵᠢᠯᠠᠵᠤ᠂ ᠠᠷᠠᠳ ᠤᠨ ᠲᠥᠯᠥᠭᠡ ᠤᠭ ᠰᠠᠨᠠᠭ᠎ᠠ ᠪᠠᠨ ᠬᠠᠳᠠᠭᠤᠵᠢᠭᠤᠯᠤᠶ᠎ᠠ︾ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠠᠶᠠᠷᠯᠠᠨ ᠤᠭᠲᠤᠬᠤ ᠭᠤᠣᠯ ᠰᠡᠳᠦᠪᠲᠦ ᠨᠠᠮ ᠤᠨ ᠡᠳᠦᠷ ᠤᠨ ᠭᠥᠳᠡᠯᠭᠡᠭᠡᠨ ᠥᠷᠨᠢᠭᠦᠯᠵᠡᠢ᠃      ᠭᠥᠳᠡᠯᠭᠡᠭᠡᠨ ᠳᠤ᠂ ᠮᠡᠨᠡᠩᠳᠠᠯ᠎ᠠ ᠭᠠᠴᠠᠭ᠎ᠠ ᠶᠢᠨ ᠨᠠᠮ ᠤᠨ ᠡᠭᠦᠷ ᠤᠨ ᠱᠦᠵᠢ᠂ ᠭᠠᠴᠠᠭᠠᠨ ᠲᠠᠷᠤᠭ᠎ᠠ ᠥᠷᠭᠡᠨ ᠣᠯᠠᠨ ᠨᠠᠮ ᠤᠨ ᠭᠡᠰᠢᠭᠦᠳ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠣᠭᠡᠷ ᠶᠡᠭᠡ ᠬᠤᠷᠠᠯ ᠤᠨ ᠭᠡᠷᠡᠯ ᠰᠠᠴᠤᠷᠠᠩᠭᠤᠢ ᠲᠡᠦᠬᠡ ᠶᠢ ᠠᠮᠢᠳᠤᠯᠢᠭ ᠢᠶᠠᠷ  ᠲᠠᠶᠢᠯᠪᠤᠷᠢᠯᠠᠵᠤ ᠲᠤᠭᠠᠴᠢᠵᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠩᠬᠠᠳᠤᠭᠠᠷ ᠶᠡᠭᠡ ᠬᠤᠷᠠᠯ ᠤᠨ ᠬᠤᠷᠠᠯᠳᠤᠭᠰᠠᠨ ᠨᠢ ᠳᠤᠮᠳᠠᠳᠤ ᠤᠯᠤᠰ ᠤᠨ ᠡᠪ ᠬᠠᠮᠲᠤ ᠨᠠᠮ ᠵᠢᠩᠬᠢᠨᠢ ᠪᠠᠷ ᠪᠠᠶᠢᠭᠤᠯᠤᠭᠳᠠᠭᠰᠠᠨ ᠢ ᠬᠠᠷᠠᠭᠤᠯᠵᠤ ᠪᠠᠶᠢᠨ᠎ᠠ᠃ ᠡᠭᠦᠨ ᠠᠴᠠ ᠳᠤᠮᠳᠠᠳᠤ ᠤᠯᠤᠰ ᠲᠤ ᠮᠠᠷᠺᠰ ᠯᠧᠨᠢᠨ ᠤ ᠦᠵᠡᠯ ᠢᠶᠠᠷ ᠠᠵᠢᠯᠯᠠᠭᠠᠨ ᠤ ᠵᠥᠭᠯᠡᠭᠦᠷ ᠪᠣᠯᠭᠠᠭᠰᠠᠨ ᠦᠭᠡᠶᠢᠭᠦᠦ ᠠᠩᠭᠢ ᠶᠢᠨ ᠨᠢᠭᠡᠳᠦᠭᠰᠡᠨ ᠲᠥᠷᠥ ᠶᠢᠨ ᠨᠠᠮ ᠭᠠᠷᠤᠭᠰᠠᠨ ᠪᠠᠶᠢᠨ᠎ᠠ᠃ ᠵᠠᠭᠤᠨ ᠵᠢᠯ ᠤᠨ ᠠᠶᠠᠨ ᠲᠡᠶᠢᠨ ᠤ ᠵᠠᠮ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠠᠭ᠎ᠠ᠂ ᠪᠠᠭᠤᠷᠠᠢ ᠪᠠᠶᠢᠭᠰᠠᠨ ᠠᠴᠠ ᠪᠠᠨ ᠬᠦᠴᠦᠷᠬᠡᠭ ᠪᠣᠯᠵᠤ᠂ ᠳᠤᠮᠳᠠᠳᠤ ᠶᠢᠨ ᠡᠯ᠎ᠡ ᠦᠨᠳᠦᠰᠦᠲᠡᠨ ᠤ ᠠᠷᠠᠳ ᠲᠦᠮᠡᠨ ᠢ ᠳᠠᠭᠠᠭᠤᠯᠤᠨ ᠬᠥᠭᠵᠢᠨ ᠴᠡᠴᠡᠭᠯᠡᠵᠦ ᠪᠠᠶᠠᠨ ᠬᠦᠴᠦᠷᠬᠡᠭ ᠪᠣᠯᠬᠤ ᠳᠠᠰᠢ ᠤᠷᠤᠭᠰᠢᠯᠠᠵᠠᠢ᠃      ᠲᠤᠰ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠭᠥᠳᠡᠯᠭᠡᠭᠡᠨ ᠨᠢ ᠨᠠᠮ ᠤᠨ ᠭᠡᠰᠢᠭᠦᠨ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠷᠠᠭᠤ ᠠᠯᠳᠠᠷᠲᠤ ᠲᠡᠦᠬᠡ ᠪᠠᠨ ᠳᠠᠬᠢᠨ ᠳᠤᠷᠠᠰᠴᠤ᠂ ᠠᠬᠠᠮᠠᠳ ᠦᠶ᠎ᠡ ᠶᠢᠨ ᠦᠯᠡᠮᠵᠢ ᠭᠠᠪᠢᠶ᠎ᠠ ᠵᠢᠳᠬᠦᠯ ᠢ ᠨᠢ ᠳᠤᠷᠠᠰᠤᠨ ᠰᠠᠨᠠᠭᠠᠯᠵᠠᠵᠤ᠂ ᠬᠤᠪᠢᠰᠬᠠᠯᠳᠣ ᠲᠡᠦᠬᠡ ᠶᠢ ᠨᠠᠮ ᠤᠨ ᠭᠡᠰᠢᠭᠦᠨ ᠨᠢᠭᠡᠪᠦᠷᠢ ᠶᠢᠨ ᠰᠡᠳᠬᠢᠯ ᠳᠤ ᠭᠦᠨ ᠬᠠᠳᠠᠩᠰᠢᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠤ ᠡᠬᠡ ᠣᠷᠣᠨᠴᠢ ᠦᠵᠡᠯ ᠤᠨ ᠬᠠᠶᠢᠷ᠎ᠠ ᠰᠡᠳᠬᠢᠯᠭᠡ ᠶᠢ ᠨᠢ ᠨᠢᠭᠳᠠᠷᠠᠭᠤᠯᠪᠠ᠃                               ᠰᠣᠷᠪᠤᠯᠵᠢᠯᠠᠭᠴᠢ ᠰᠣᠯᠣᠩᠭᠤᠸ᠎ᠠ 
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号