ᠳᠠᠯᠠᠢ ᠰᠤᠮᠤ ᠠᠮᠢᠲᠠᠨ ᠤ ᠬᠢᠵᠢᠭ ᠡᠪᠡᠳᠴᠢᠨ ᠢ ᠬᠠᠪᠤᠷ ᠤᠨ ᠤᠯᠠᠷᠢᠯ ᠳᠤ ᠲᠥᠪᠯᠡᠷᠡᠭᠦᠯᠦᠨ ᠬᠢᠨᠠᠨ ᠬᠡᠮᠵᠢᠵᠦ ᠥᠯᠢᠭᠡᠷ ᠠᠪᠬᠤ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2021/6/29
     ᠮᠠᠯ ᠰᠥᠷᠥᠭ ᠤᠨ ᠠᠯᠪᠠᠳᠠᠯᠭ᠎ᠠ ᠪᠠᠷ ᠦᠯᠦ ᠬᠠᠯᠳᠠᠭᠠᠬᠤ ᠲᠠᠷᠢᠯᠭ᠎ᠠ ᠶᠢᠨ ᠪᠣᠳᠠᠲᠠᠢ ᠦᠷ᠎ᠡ ᠳ᠋ᠥᠩ ᠪᠣᠯᠤᠨ ᠡᠪᠡᠳᠴᠢᠨ ᠢ ᠡᠰᠡᠷᠬᠦᠴᠡᠬᠦ ᠬᠢᠷᠢ ᠲᠦᠪᠰᠢᠨ ᠢ ᠨᠡᠩ ᠰᠠᠶᠢᠨ ᠡᠵᠡᠮᠰᠢᠬᠦ ᠶᠢᠨ ᠲᠥᠯᠥᠭᠡ᠂ ᠣᠶᠢᠷ᠎ᠡ ᠶᠢᠨ ᠡᠳᠦᠷ᠂ ᠳᠠᠯᠠᠢ ᠰᠤᠮᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠣᠯᠤᠨ ᠮᠡᠷᠭᠡᠵᠢᠯ ᠳᠡᠯᠭᠡᠷᠡᠭᠦᠯᠬᠦ ᠲᠥᠪ ᠲᠤ ᠠᠮᠢᠲᠠᠨ ᠤ ᠬᠢᠵᠢᠭ ᠡᠪᠡᠳᠴᠢᠨ ᠢ ᠬᠠᠪᠤᠷ ᠤᠨ ᠤᠯᠠᠷᠢᠯ ᠳᠤ ᠲᠥᠪᠯᠡᠷᠡᠭᠦᠯᠦᠨ ᠬᠢᠨᠠᠨ ᠬᠡᠮᠵᠢᠵᠦ ᠥᠯᠢᠭᠡᠷ ᠠᠪᠬᠤ ᠠᠵᠢᠯ ᠥᠷᠨᠢᠭᠦᠯᠪᠡ᠃      ᠪᠣᠳᠡᠳᠠᠢ ᠥᠯᠢᠭᠡᠷ ᠠᠪᠬᠤ ᠪᠠᠷ ᠲᠠᠮᠵᠢᠨ᠂ ᠳᠠᠯᠠᠢ ᠰᠤᠮᠤ ᠡᠨᠡ ᠤᠳᠠᠭᠠᠨ ᠤ ᠬᠠᠪᠤᠷ ᠤᠨ ᠰᠡᠷᠭᠡᠶᠢᠯᠡᠯᠳᠡ ᠶᠢᠨ ᠴᠢᠰᠤ ᠠᠪᠴᠦ ᠥᠯᠢᠭᠡᠷ ᠪᠠᠶᠢᠴᠠᠭᠠᠬᠤ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠦᠨ᠂ ᠠᠮᠢᠲᠠᠨ ᠤ ᠬᠢᠵᠢᠭ ᠡᠪᠡᠳᠴᠢᠨ ᠢ ᠴᠡᠪᠡᠷᠰᠢᠭᠦᠯᠬᠦ᠂ ᠸᠠᠺᠼᠢᠨ ᠤ ᠦᠷ᠎ᠡ ᠳ᠋ᠦ᠋ᠩ ᠢ ᠦᠨᠡᠯᠡᠬᠦ᠂ ᠦᠯᠦ ᠬᠠᠯᠳᠠᠭᠠᠬᠤ ᠵᠣᠬᠢᠰᠲᠠᠢ ᠲᠥᠰᠦᠯ ᠢ ᠲᠣᠭᠲᠠᠭᠠᠬᠤ ᠵᠡᠷᠭᠡ ᠳᠤ ᠰᠢᠨᠵᠢᠯᠡᠬᠦ ᠤᠬᠠᠭᠠᠨᠴᠢ ᠥᠨᠳᠥᠰᠥ ᠪᠠᠷᠢᠮᠲᠠ ᠬᠠᠩᠭᠠᠵᠦ᠂ ᠰᠤᠮᠤᠨ ᠤ ᠮᠠᠯ ᠠᠵᠤ ᠠᠬᠤᠢ ᠶᠢᠨ ᠬᠥᠭᠵᠢᠯᠲᠡ ᠶᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃                                      ᠰᠣᠷᠪᠣᠯᠵᠢᠯᠠᠬᠴᠢ   ᠰᠣᠨᠣᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号