ᠬᠥᠯᠤᠨ ᠪᠤᠶᠢᠷ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠮᠠᠨ ᠤ ᠬᠤᠰᠢᠭᠤᠨ ᠳᠠᠬᠢ ᠬᠤᠪᠢᠶᠠᠷᠢ ᠲᠣᠪᠴᠢᠶ᠎ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢ ᠣᠯᠠᠨ ᠨᠡᠶᠢᠲᠡ ᠳᠤ ᠴᠢᠯᠥᠭᠡᠲᠡᠢ ᠨᠡᠭᠡᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/6/7
     ᠣᠯᠠᠨ ᠨᠡᠶᠢᠲᠡ ᠶᠢᠨ ᠠᠮᠢ ᠠᠬᠤᠢ ᠶᠢᠨ ᠪᠤᠯᠪᠠᠰᠣᠨ ᠤ ᠤᠶᠢᠯᠠᠭᠠᠭᠳᠠᠬᠤᠨ ᠪᠠ ᠠᠮᠢ ᠠᠬᠤᠢ ᠶᠢᠨ ᠪᠤᠯᠪᠠᠰᠤᠨ ᠳᠤ ᠢᠳᠡᠪᠬᠢᠳᠠᠢ ᠤᠷᠤᠯᠴᠠᠬᠤ ᠥᠢᠯᠡᠳᠣᠯᠭᠡ ᠶᠢᠨ ᠴᠢᠳᠠᠪᠤᠷᠢ ᠶᠢ ᠥᠷᠭᠦᠯᠵᠢᠯᠡᠨ ᠳᠡᠭᠡᠭᠰᠢᠯᠡᠭᠦᠯᠵᠦ᠂ ᠣᠯᠠᠨ ᠲᠦᠮᠡᠨ ᠳᠤ ᠤᠷᠴᠢᠨ ᠲᠤᠭᠤᠷᠢᠨ ᠢ ᠬᠠᠮᠠᠭᠠᠯᠠᠬᠤ ᠠᠵᠢᠯ ᠢ ᠤᠶᠢᠯᠠᠭᠠᠭᠤᠯᠵᠤ᠂ ︽ᠤᠰᠤ ᠶᠢ ᠠᠷᠪᠢᠯᠠᠬᠤ᠂ ᠤᠰᠤ ᠶᠢ ᠨᠠᠨᠳᠢᠭ᠍ᠨᠡᠬᠠᠤ᠂ ᠤᠰᠤ ᠶᠢ ᠬᠠᠮᠠᠭᠠᠯᠠᠬᠤ︾ ᠣᠷᠴᠢᠨ ᠲᠤᠭᠤᠷᠢᠨ ᠢ ᠬᠠᠮᠠᠭᠠᠯᠠᠬᠤ ᠥᠵᠡᠯ ᠤᠬᠠᠮᠰᠠᠷ ᠢ ᠭᠥᠮᠤᠵᠢᠭᠦᠯᠭᠦ ᠶᠢᠨ ᠲᠤᠰᠠᠳᠠ᠂ ᠤᠶᠢᠷ᠎ᠠ ᠶᠢᠨ ᠡᠳᠦᠷ᠂ ᠬᠥᠯᠤᠨ ᠪᠤᠶᠢᠷ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠮᠠᠨ ᠤ ᠬᠤᠰᠢᠭᠤᠨ ᠳᠠᠬᠢ ᠬᠤᠪᠢᠶᠠᠷᠢ ᠲᠣᠪᠴᠢᠶ᠎ᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠰᠤᠷᠤᠭᠴᠢᠳ ᠢ ᠵᠣᠬᠢᠶᠠᠨ ᠪᠠᠶᠢᠭᠤᠯᠤᠨ᠂ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠳᠤ ᠭᠥᠷᠴᠣ᠂ ᠪᠤᠵᠠᠷ ᠤᠰᠤ ᠰᠢᠢᠳᠪᠦᠷᠢᠯᠡᠬᠦ ᠲᠥᠬᠦᠭᠡᠷᠦᠮᠵᠢ ᠶᠢ ᠲᠣᠭᠤᠷᠢᠨ ᠦᠵᠡᠵᠦ᠂ ᠪᠤᠵᠠᠷ ᠤᠰᠤ ᠴᠡᠪᠡᠷᠰᠢᠭᠦᠯᠬᠦ ᠪᠦᠬᠦ ᠶᠠᠪᠤᠴᠠ ᠶᠢ ᠤᠶᠢᠯᠠᠭᠠᠭᠤᠯᠵᠤ᠂ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠠᠶᠢᠯᠪᠤᠷᠢᠯᠠᠭᠴᠢ ᠶᠢᠨ  ᠪᠤᠵᠠᠷ ᠤᠰᠤ ᠬᠤᠷᠢᠶᠠᠨ ᠴᠤᠭᠯᠠᠭᠤᠯᠬᠤ᠂ ᠰᠢᠢᠳᠪᠦᠷᠢᠯᠡᠬᠦ᠂ ᠭᠠᠳᠠᠭᠰᠢᠯᠠᠭᠤᠯᠬᠤ ᠶᠠᠪᠤᠴᠠ ᠶᠢᠨ ᠲᠤᠬᠠᠢ ᠲᠠᠨᠢᠯᠴᠠᠭᠤᠯᠭ᠎ᠠ ᠶᠢ ᠰᠣᠨᠣᠰᠴᠣ᠂ ᠬᠤᠲᠠ ᠪᠠᠯᠭᠠᠰᠣ ᠶᠢᠨ ᠪᠤᠵᠠᠷ ᠤᠰᠤ ᠰᠢᠢᠳᠪᠦᠷᠢᠯᠡᠬᠦ ᠲᠤᠬᠠᠢ ᠠᠩᠬ᠎ᠠ ᠠᠯᠬᠤᠮ ᠤᠨ ᠲᠠᠨᠢᠯᠲᠠ ᠲᠠᠢ ᠪᠤᠯᠭᠠᠵᠠᠢ᠃       ᠲᠤᠰ ᠤᠳᠠᠭᠠᠨ ᠤ ᠠᠵᠢᠯᠯᠠᠭ᠎ᠠ ᠢᠶᠠᠷ ᠳᠠᠮᠵᠢᠭᠤᠯᠤᠨ᠂ ᠰᠠᠭᠤᠭᠠᠯᠢ ᠠᠷᠠᠳ ᠪᠣᠯᠤᠨ ᠰᠤᠷᠤᠭᠴᠢᠳ ᠲᠤ ᠪᠤᠵᠠᠷ ᠤᠰᠤ ᠰᠢᠢᠳᠪᠦᠷᠢᠯᠡᠬᠦ ᠪᠣᠳᠠᠲᠤ ᠪᠠᠶᠢᠳᠠᠯ᠂ ᠬᠦᠴᠢᠷᠳᠡᠯ᠂ ᠥᠪᠡᠷ ᠤᠨ ᠥᠷᠲᠡᠭ ᠤᠨ ᠬᠤᠷᠣᠭᠳᠠᠯ ᠢ ᠨᠡᠩ ᠭᠦᠨᠵᠡᠭᠡᠢ ᠤᠶᠢᠯᠠᠭᠠᠭᠤᠯᠵᠤ᠂ ᠣᠯᠠᠨ ᠲᠦᠮᠡᠨ ᠳᠤ ᠤᠰᠤ ᠠᠷᠪᠢᠯᠠᠬᠤ᠂ ᠤᠰᠤᠨ ᠤ ᠡᠬᠢ ᠪᠠᠶᠠᠯᠢᠭ ᠢ ᠨᠠᠨᠳᠢᠩᠨᠠᠬᠤ ᠶᠢᠨ ᠴᠢᠬᠤᠯᠠ ᠴᠢᠨᠠᠷ ᠢ ᠲᠠᠨᠢᠭᠤᠯᠪᠠ᠃ ᠠᠵᠢᠯᠯᠠᠭ᠎ᠠ ᠳᠤ ᠤᠷᠤᠯᠴᠠᠭᠰᠠᠳ ᠬᠤᠶᠢᠰᠢᠳᠠ ᠣᠷᠴᠢᠨ ᠲᠣᠭᠤᠷᠢᠨ ᠢ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠲᠤᠤᠷ᠎ᠠ ᠨᠡᠭᠦᠷᠡᠰᠣᠳᠥ᠋ᠷᠣᠭ᠍ᠴᠢ ᠶᠢ ᠠᠷᠪᠢᠯᠠᠬᠤ᠂ ᠪᠣᠯᠪᠠᠰᠤᠨ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠣᠶᠢᠯᠠᠭᠠᠭᠳᠠᠬᠤᠨ ᠢ ᠪᠣᠢ ᠪᠣᠯᠭᠠᠵᠤ᠂ ᠭᠤᠶᠣ ᠰᠠᠶᠢᠬᠠᠨ ᠲᠠᠭᠠᠯᠠᠮᠵᠢᠳᠠᠢ ᠪᠣᠬᠢᠷᠲᠤᠯ ᠥᠬᠡᠢ ᠭᠡᠷ ᠣᠷᠣᠨ ᠢᠶᠠᠨ ᠬᠠᠮᠲᠤᠪᠠᠷ ᠬᠠᠶᠢᠷᠠᠯᠠᠶ᠎ᠠ ᠭᠡᠵᠤ ᠢᠯᠡᠷᠭᠡᠶᠢᠯᠡᠵᠡᠭᠡᠪᠡ᠃                          ᠰᠣᠷᠪᠤᠯᠵᠢᠯᠠᠭᠴᠢ᠄ ᠰᠣᠯᠣᠩᠭᠤᠸ᠎ᠠ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号