ᠤᠶᠢᠷ᠎ᠠ ᠳᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠠᠨᠳᠣ ᠶᠢᠨ ᠵᠥᠪᠯᠡᠯ ᠡᠷᠡᠭᠦᠯ ᠬᠠᠮᠠᠭᠠᠯᠠᠯ ᠤᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠶᠢ ᠵᠣᠬᠢᠶᠠᠨ ᠪᠠᠶᠢᠭᠤᠯᠵᠤ᠂ ᠬᠤᠰᠢᠭᠤᠨ ᠤ ᠬᠠᠷᠢᠶᠠᠨ ᠳᠠᠬᠢ | ᠵᠤᠴᠢᠳ ᠤᠨ ᠪᠠᠭᠤᠳᠠᠯ ᠳᠤ ᠲᠤᠰᠬᠠᠢ ᠪᠠᠶᠢᠴᠠᠭᠠᠯᠲᠠ ᠦᠷᠨᠢᠭᠦᠯᠪᠡ᠃ | ᠲᠤᠰ ᠤᠳᠠᠭᠠᠨ ᠤ ᠪᠠᠶᠢᠴᠠᠭᠠᠯᠲᠠ ᠳᠤ ᠭᠤᠣᠯᠳᠠᠭᠤ ᠵᠤᠴᠢᠳ ᠤᠨ ᠪᠠᠭᠤᠳᠠᠯ ᠤᠨ ᠭᠡᠷᠡᠴᠢ ᠥᠨᠡᠮᠯᠡᠯ ᠪᠠᠶᠢᠬᠤ | ᠡᠰᠡᠭᠦ᠂ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ᠂ ᠣᠯᠠᠨ | ᠨᠡᠶᠢᠲᠡ ᠶᠢᠨ ᠬᠡᠷᠡᠭᠯᠡᠭᠡᠨ ᠤ ᠬᠡᠷᠡᠭᠰᠡᠯ ᠢ ᠤᠬᠢᠶᠠᠵᠤ ᠠᠷᠢᠭᠤᠳᠬᠠᠭᠰᠠᠨ ᠪᠠᠶᠢᠳᠠᠯ ᠳᠤ ᠬᠢᠨᠠᠯᠲᠠ ᠲᠠᠯᠪᠢᠬᠤ | ᠪᠠᠶᠢᠴᠠᠭᠠᠯᠲᠠ ᠬᠢᠵᠦ᠂ ᠨᠠᠶᠢᠳᠠ 73 ᠵᠤᠴᠢᠳ ᠤᠨ ᠪᠠᠭᠤᠳᠠᠯ ᠢ ᠪᠠᠶᠢᠴᠠᠭᠠᠨ᠂ ᠠᠰᠠᠭᠤᠳᠠᠯ ᠤᠷᠤᠰᠢᠵᠤ ᠪᠠᠶᠢᠭ᠎ᠠ | ᠵᠤᠴᠢᠳ ᠤᠨ ᠪᠠᠭᠤᠳᠠᠯ ᠳᠤ ᠡᠷᠡᠭᠦᠯ ᠬᠠᠮᠠᠭᠠᠯᠠᠯ ᠤᠨ ᠬᠢᠨᠠᠯᠳᠠ ᠲᠠᠯᠪᠢᠬᠤ ᠰᠠᠨᠠᠭᠤᠯᠤᠮᠵᠢ ᠶᠢᠨ ᠪᠢᠴᠢᠭ ᠪᠠᠭᠤᠯᠭᠠᠵᠤ᠂ | ᠲᠤᠭᠳᠠᠭᠰᠠᠨ ᠬᠤᠭᠤᠴᠠᠭᠠᠨ ᠳᠤ ᠵᠠᠰᠠᠨ ᠵᠠᠯᠠᠷᠠᠭᠤᠯᠬᠤ ᠶᠢ ᠱᠠᠭᠠᠷᠳᠠᠪᠠ᠃ | ᠪᠠᠶᠢᠴᠠᠭᠠᠯᠳᠠ ᠪᠠᠷ ᠲᠠᠮᠵᠢᠵᠤ᠂ ᠬᠢᠵᠢᠭ ᠤᠨ ᠪᠠᠶᠢᠳᠠᠯ ᠤᠨ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠵᠤᠴᠢᠳ ᠤᠨ ᠪᠠᠭᠤᠳᠠᠯ ᠤᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ | ᠳᠦᠷᠢᠮᠵᠢᠭᠦᠯᠵᠦ᠂ ᠣᠯᠠᠨ ᠨᠡᠶᠢᠲᠡ ᠶᠢᠨ ᠬᠡᠷᠡᠭᠯᠡᠭᠡᠨ ᠤ ᠬᠡᠷᠡᠭᠰᠡᠯ ᠤᠨ ᠡᠷᠡᠭᠦᠯ ᠬᠠᠮᠠᠭᠠᠯᠠᠯ ᠤᠨ ᠬᠢᠷᠢ ᠲᠡᠩᠴᠡᠭᠰᠡᠨ | ᠨᠣᠷᠮ᠎ᠠ ᠶᠢ ᠲᠡᠭᠡᠭᠰᠢᠯᠡᠭᠦᠯᠪᠡ᠃ | | | ᠰᠣᠷᠪᠤᠯᠵᠢᠯᠠᠭᠴᠢ᠄ ᠰᠣᠯᠣᠩᠭᠤᠸ᠎ᠠ |