ᠰᠢᠨ᠎ᠡ ᠪᠠᠷ ᠵᠠᠰᠠᠪᠤᠷᠢ ᠤᠷᠤᠭᠤᠯᠤᠭᠰᠠᠨ ᠭᠠᠵᠠᠷ ᠰᠢᠷᠤᠢ ᠶᠢᠨ ᠬᠠᠮᠢᠶᠠᠷᠤᠯᠲᠠ ᠶᠢᠨ ᠬᠠᠤᠯᠢ ᠳᠤ ᠶᠠᠮᠠᠷ ᠲᠠᠪᠤᠨ ᠲᠠᠯ᠎ᠠ ᠶᠢᠨ ᠭᠤᠤᠯᠳᠠᠯᠭ᠎ᠠ ᠲᠠᠢ ᠪᠤᠢ︖
ᠨᠡᠶᠢᠲᠡᠯᠡᠭᠰᠡᠨ ᠴᠠᠭ᠄
2021/6/9
       2019 ᠤᠨ ᠤ 8 ᠰᠠᠷ᠎ᠠ ᠶᠢᠨ 26 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯ ᠠᠴᠠ ᠬᠢᠨᠠᠨ ᠵᠦᠪᠯᠡᠵᠤ ᠪᠠᠲᠤᠯᠠᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠦᠢ ᠶᠢᠨ ᠬᠠᠤᠯᠢ︾ ᠳᠤ ᠵᠠᠰᠠᠪᠤᠷᠢ ᠤᠷᠤᠭᠤᠯᠬᠤ ᠲᠤᠬᠠᠢ ᠲᠤᠭᠲᠠᠭᠠᠯ ᠢ 2020 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠃        ᠲᠤᠰ ᠤᠳᠠᠭ᠎ᠠ ︽ᠭᠠᠵᠠᠷ ᠰᠢᠷᠤᠢ ᠶᠢᠨ ᠬᠠᠮᠢᠶᠠᠷᠤᠯᠲᠠ ᠶᠢᠨ ᠬᠠᠤᠯᠢ︾ ᠳᠤ ᠵᠠᠰᠠᠪᠤᠷᠢ ᠤᠷᠤᠭᠤᠯᠬᠤ ᠳᠠᠭᠠᠨ ᠭᠠᠵᠠᠷ ᠰᠢᠷᠤᠢ ᠶᠢᠨ ᠨᠡᠶᠢᠲᠡ ᠶᠢᠨ ᠦᠮᠴᠢᠯᠡᠯ ᠢ ᠭᠤᠶᠢᠪᠢᠰᠢ ᠦᠭᠡᠢ ᠪᠠᠷᠢᠮᠲᠠᠯᠠᠵᠤ᠂ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠪᠠ ᠭᠠᠵᠠᠷ ᠢ ᠠᠷᠪᠢᠲᠠᠢ ᠪᠦᠭᠡᠳ ᠡᠷᠴᠢᠮᠯᠢᠭ ᠬᠡᠷᠡᠭᠯᠡᠬᠦ ᠬᠠᠮᠤᠭ ᠤᠨ ᠴᠢᠩᠭ᠎ᠠ ᠳᠦᠷᠢᠮ ᠢ ᠪᠠᠷᠢᠮᠲᠠᠯᠠᠪᠠ᠃        ᠰᠢᠨ᠎ᠠ ᠪᠠᠷ ᠵᠠᠰᠠᠪᠤᠷᠢ ᠤᠷᠤᠭᠤᠯᠤᠭᠰᠠᠨ ᠭᠠᠵᠠᠷ ᠰᠢᠷᠤᠢ ᠶᠢᠨ ᠬᠠᠮᠢᠶᠠᠷᠤᠯᠲᠠ ᠶᠢᠨ ᠬᠠᠤᠯᠢ ᠳᠤ ᠳᠤᠤᠷᠠᠬᠢ ᠲᠠᠪᠤᠨ ᠲᠠᠯ᠎ᠠ ᠶᠢᠨ ᠭᠤᠤᠯᠳᠠᠯᠭ᠎ᠠ ᠲᠠᠢ᠄        ᠨᠢᠭᠡ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠠᠵᠢᠯ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠤᠷᠤᠨ ᠰᠠᠭᠤᠴᠠ ᠶᠢᠨ ᠰᠠᠭᠤᠷᠢ ᠭᠠᠵᠠᠷ ᠤᠨ ᠦᠭᠡᠷᠡᠴᠢᠯᠡᠯᠲᠡ ᠪᠠ ᠬᠠᠮᠢᠶᠠᠷᠤᠯᠲᠠ ᠶᠢ ᠬᠠᠷᠢᠭᠤᠴᠠᠬᠤ ᠶᠢ ᠲᠤᠳᠤᠷᠬᠠᠢᠢᠯᠠᠪᠠ︔       ᠬᠤᠶᠠᠷ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠭᠤᠳ ᠵᠠᠬ᠎ᠠ ᠳᠡᠯᠭᠡᠭᠦᠷ ᠲᠤ ᠤᠷᠤᠭᠤᠯᠬᠤ ᠶᠢ ᠵᠦᠪᠰᠢᠶᠡᠷᠡᠪᠡ︔       ᠭᠤᠷᠪᠠ᠂ ᠭᠠᠵᠠᠷ ᠲᠠᠲᠠᠪᠤᠷᠢᠯᠠᠬᠤ ᠶᠠᠪᠤᠴᠠ ᠶᠢ ᠵᠢᠷᠤᠮᠵᠢᠭᠤᠯᠪᠠ︔       ᠳᠦᠷᠪᠡ᠂ ᠦᠨᠳᠦᠰᠦᠨ ᠲᠠᠷᠢᠶᠠᠨ ᠭᠠᠵᠠᠷ ᠤᠨ ᠦᠨᠢᠳᠡ ᠶᠢᠨ ᠬᠠᠮᠠᠭᠠᠯᠠᠯᠲᠠ ᠶᠢ ᠴᠢᠩᠭᠠᠳᠬᠠᠪᠠ︔       ᠲᠠᠪᠤ᠂ ᠬᠦᠳᠡᠭᠡ ᠲᠤᠰᠬᠤᠨ ᠤ ᠠᠵᠤ ᠦᠢᠯᠡᠰ ᠤᠨ ᠬᠦᠭᠵᠢᠯᠲᠡ ᠳᠤ ᠬᠡᠷᠡᠭᠯᠡᠬᠦ ᠭᠠᠵᠠᠷ ᠢ ᠪᠠᠲᠤᠯᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号