ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠷᠣᠯᠣᠨ ᠰᠣᠮᠣ ᠲᠣᠮᠳᠠᠳᠣ ᠣᠯᠣᠰ ᠤᠨ ᠡᠪ ᠬᠠᠮᠳᠣ ᠨᠠᠮ ᠪᠠᠶᠢᠭᠤᠯᠣᠠᠠᠳ᠋ᠬᠠᠰᠡᠨ 100 ᠵᠢᠯ ᠤᠨ ᠣᠢ ᠶᠢ ᠪᠠᠶᠠᠷᠯᠠᠨ ᠪᠡᠯᠭᠡᠯᠡᠬᠦ ᠭᠤᠣᠯ ᠰᠡᠳᠣᠪᠳᠣ ᠠᠵᠢᠯᠯᠠᠭ᠎ᠠ ᠦᠷᠨᠢᠭᠦᠯᠪᠠ
ᠨᠡᠶᠢᠲᠡᠯᠡᠭᠰᠡᠨ ᠴᠠᠭ᠄
2021/7/1
       ᠲᠣᠮᠳᠠᠳᠣ ᠣᠯᠣᠰ ᠤᠨ ᠡᠪ ᠬᠠᠮᠳᠣ ᠨᠠᠮ ᠪᠠᠶᠢᠭᠤᠯᠣᠠᠠᠳ᠋ᠬᠠᠰᠡᠨ 100 ᠵᠢᠯ ᠤᠨ ᠣᠢ ᠬᠦᠷᠴᠣ ᠢᠷᠡᠬᠦ ᠲᠠᠰᠢᠷᠠᠮ ᠳᠤ᠂ 6 ᠰᠠᠷ᠎ᠡ ᠶᠢᠨ 28 ᠤ ᠡᠳᠣᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠷᠣᠯᠣᠨ ᠰᠣᠮᠣ ︽ᠡᠷᠡᠮᠡᠬᠡᠶᠢᠯᠡᠨ ᠲᠡᠮᠡᠴᠡᠭᠰᠡᠨ ᠵᠠᠭᠤᠨ ᠵᠢᠯ ᠰᠢᠭᠤᠷᠬᠠᠶᠢᠯᠡᠨ ᠣᠷᠣᠠᠠᠰᠢᠯᠠᠬᠤ ᠰᠢᠨ᠎ᠡ ᠡᠷᠡᠨ︾ ᠲᠣᠮᠳᠠᠳᠣ ᠣᠯᠣᠰ ᠤᠨ ᠡᠪ ᠬᠠᠮᠳᠣ ᠨᠠᠮ ᠪᠠᠶᠢᠭᠤᠯᠣᠠᠠᠳ᠋ᠬᠠᠰᠡᠨ 100 ᠵᠢᠯ ᠤᠨ ᠣᠢ ᠶᠢ ᠪᠠᠶᠠᠷᠯᠠᠨ ᠪᠡᠯᠭᠡᠯᠡᠬᠦ ᠭᠤᠣᠯ ᠰᠡᠳᠣᠪᠳᠣ ᠠᠵᠢᠯᠯᠠᠭ᠎ᠠ ᠦᠷᠨᠢᠭᠦᠯᠪᠠ᠃
               ᠳᠤᠰ ᠠᠵᠢᠯᠯᠠᠭ᠎ᠠ ᠳᠤ᠂ ᠬᠡᠷᠣᠯᠣᠨ ᠰᠣᠮᠣ ᠶᠢᠨ ᠨᠠᠮ ᠤᠨ ᠬᠤᠷᠢᠶ᠎ᠠ ᠶᠢᠨ ᠱᠦᠵᠢ ᠬᠠᠨ ᠶᠥᠩ ᠯᠢ ᠨᠦᠭᠦᠷ ᠤᠨ ᠳᠠᠭᠠᠭᠤᠯᠭ᠎ᠠ ᠪᠠᠷ᠂ ᠠᠵᠢᠯᠯᠠᠭ᠎ᠠ ᠳᠤ ᠣᠷᠣᠯᠴᠬᠠᠰᠡᠨ ᠪᠦᠬᠦ ᠨᠠᠮ ᠤᠨ ᠭᠡᠰᠢᠭᠦᠳ ᠨᠠᠮ ᠤᠨ ᠲᠤᠭ ᠤᠨ ᠲᠣᠣᠷ᠎ᠡ ᠨᠠᠮ ᠳᠤ ᠣᠷᠣᠬᠤ ᠲᠠᠩᠭᠠᠷᠢᠭ ᠢᠶᠠᠨ ᠳᠠᠬᠢᠨᠳᠠ ᠡᠷᠭᠢᠴᠡᠭᠦᠯᠪᠡ᠃ ᠨᠠᠮ ᠳᠤ ᠤᠷᠤᠭᠠᠳ 50 ᠵᠢᠯ ᠪᠣᠯᠣᠠᠠᠰᠠᠨ ᠠᠬᠠᠮᠠᠳ ᠨᠠᠮ ᠤᠨ ᠬᠡᠰᠢᠭᠦᠣᠨ ᠲᠤ ︽ᠨᠠᠮ ᠤᠨ ᠬᠡᠰᠢᠬᠦᠨ ᠪᠣᠯᠣᠠᠠᠰᠠᠨ ᠢᠷᠠᠭᠤ ᠠᠯᠳᠡᠷ ᠲᠠᠢ 50 ᠵᠢᠯ︾ ᠤᠨ ᠲᠣᠷᠠᠰᠬᠠᠨᠯ ᠤᠨ ᠲᠡᠮᠳᠡᠭ ᠵᠡᠬᠦᠯᠭᠡᠵᠦ᠂ ᠠᠬᠠᠮᠠᠳ ᠨᠠᠮ ᠤᠨ ᠭᠡᠰᠢᠬᠦᠳ ᠠᠴᠠ ᠰᠢᠨ᠎ᠡ ᠨᠠᠮ ᠤᠨ ᠭᠡᠰᠢᠬᠦᠳ ᠲᠤ ᠨᠠᠮ ᠤᠨ ᠳᠡᠮᠳᠡᠭ ᠵᠡᠭᠦᠯᠭᠡᠨ᠂ ᠨᠠᠮ ᠳᠤ ᠣᠷᠣᠠᠠᠰᠡᠨ ᠣᠭ ᠰᠠᠨᠠᠭ᠎ᠠ ᠪᠠᠨ ᠪᠠᠳᠣ ᠴᠡᠭᠡᠵᠢᠯᠡᠵᠤ᠂ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠪᠣᠯᠣᠠᠠᠰᠡᠨ ᠡᠭᠦᠷᠭᠡ ᠬᠠᠷᠢᠴᠠᠭᠤᠯᠭᠠᠳᠣ ᠰᠡᠳᠬᠢᠯᠭᠡ ᠪᠠᠨ ᠨᠡᠩ ᠴᠢᠨᠠᠭᠰᠢᠳᠠ ᠪᠠᠳᠤᠳᠬᠠᠪᠠ᠃
               ᠬᠡᠷᠣᠯᠣᠨ ᠰᠣᠮᠣ ᠶᠢᠨ ᠨᠠᠮ ᠤᠨ ᠬᠤᠷᠢᠶ᠎ᠠ ᠶᠢᠨ ᠱᠦᠵᠢ ᠬᠠᠨ ᠶᠥᠩ ᠯᠢ ᠨᠦᠭᠦᠷ ᠨᠠᠮ ᠤᠨ ᠲᠡᠣᠬᠡ ᠶᠢᠨ ᠲᠣᠰᠬᠠᠢ ᠰᠡᠳᠣᠪᠳᠣ ᠨᠠᠮ ᠤᠨ ᠬᠢᠴᠢᠶᠡᠯ ᠣᠷᠣᠵᠤ᠂ ᠦᠷᠭᠡᠨ ᠤᠯᠠᠨ ᠨᠠᠮ ᠤᠨ ᠭᠡᠰᠢᠬᠦᠳ ᠨᠠᠮ ᠤᠨ ᠲᠡᠣᠭᠡ ᠪᠠᠨ ᠦᠯᠦ ᠮᠠᠷᠳᠠᠨ᠂ ᠨᠠᠮ ᠤᠨ ᠦᠭᠡ ᠶᠢ ᠰᠣᠨᠣᠰᠴᠣ᠂ ᠡᠭᠦᠷᠢᠳᠡ ᠨᠠᠮ ᠢᠶᠠᠨ ᠬᠦᠷᠢᠶᠠᠯᠡᠨ ᠲᠠᠭᠠᠬᠤ ᠢᠳᠡᠭᠡᠯ ᠵᠣᠷᠢᠭ ᠢ ᠬᠦᠪᠴᠢᠯᠡᠭᠰᠡᠨ ᠪᠠᠶᠢᠨ᠎ᠠ᠃ ᠨᠠᠮ ᠪᠠ ᠡᠬᠡ ᠣᠯᠣᠰ ᠢᠶᠠᠨ ᠮᠬᠠᠳ᠋ᠬᠠᠰᠡᠨ ᠣᠷᠠᠨ ᠣᠡᠭᠰᠢᠯᠭ᠎ᠠ ᠶᠢᠨ ᠲᠣᠠᠠᠯᠠᠯᠳᠡ ᠶᠠᠪᠤᠠᠠᠳᠠᠭᠤᠯᠵᠤ᠂ ᠨᠠᠮ ᠤᠨ ᠬᠡᠰᠢᠭᠦᠣᠨ ᠤᠨ ᠣᠯᠣᠰ ᠢᠶᠠᠨ ᠬᠠᠶᠢᠷᠠᠯᠠᠨ᠂ ᠠᠮᠢᠳᠣᠷᠠᠯ ᠢᠶᠠᠨ ᠬᠠᠶᠢᠷᠠᠯᠠᠵᠤ᠂ ᠡᠭᠦᠷᠢᠳᠡ ᠨᠠᠮ ᠢᠶᠠᠨ ᠲᠠᠭᠠᠨ᠂ ᠰᠠᠶᠢᠨ ᠰᠠᠶᠢᠬᠠᠨ ᠢᠷᠡᠭᠡᠳᠣᠢ ᠪᠠᠨ ᠴᠤᠭᠴᠠᠯᠠᠵᠦ ᠶᠠᠪᠤᠭ᠎ᠠ ᠪᠠᠶᠠᠷ ᠪᠠᠭ᠋ᠠᠳᠣᠯᠳᠣ ᠰᠡᠳᠬᠢᠯᠭᠡ ᠶᠢ ᠢᠯᠡᠳᠭᠡᠭᠰᠡᠨ ᠪᠠᠶᠢᠨ᠎ᠠ᠃
               ᠲᠣᠰ ᠣᠳᠠᠭᠠᠨ ᠤ ᠠᠵᠢᠯᠯᠠᠭ᠎ᠠ ᠳᠤ᠂ ᠬᠢᠨᠭ᠍ᠭᠠᠨ ᠠᠶᠢᠮᠠᠭ ᠤᠨ ᠬᠤᠷᠴᠢᠨ ᠪᠠᠷᠠᠭᠤᠨ ᠭᠠᠷᠣᠨ ᠲᠣᠮᠳᠠᠳᠣ ᠬᠤᠰᠢᠭᠤᠨ ᠤ ᠣᠯᠠᠭᠠᠨᠮᠦ᠋ᠴᠢᠷ ᠪᠣᠯᠣᠨ ᠰᠢᠨ᠎ᠡ ᠪᠠᠷᠭᠤ ᠪᠠᠷᠠᠭᠤᠨ ᠬᠤᠰᠢᠭᠤᠨ ᠤ ᠣᠯᠠᠭᠠᠨᠮᠦ᠋ᠴᠢᠷ ᠢ ᠣᠷᠢᠨ ᠵᠠᠯᠠᠵᠤ᠂ ᠨᠠᠶᠢᠷᠡᠯ ᠳᠠᠭᠤᠣ᠂ ᠬᠠᠮᠳᠦ ᠶᠢᠨ ᠪᠦᠵᠢᠭ᠂ ᠭᠤᠴᠤᠯᠠᠯ ᠳᠠᠭᠤᠤ ᠵᠡᠷᠭᠡ ᠠᠯᠢ ᠣᠯᠠᠨ ᠭᠤᠶᠢᠳᠡ ᠰᠠᠶᠢᠬᠠᠨ ᠳᠤᠭᠯᠠᠯᠳᠠ ᠭᠠᠷᠭᠠᠵᠦ᠂ ᠲᠣᠠᠠᠯᠬᠠᠴᠢᠳ ᠠᠭᠤᠣ ᠶᠡᠭᠡ ᠡᠪ ᠬᠠᠮᠳᠣ ᠨᠠᠮ ᠳᠠᠭᠠᠨ ᠲᠡᠪᠰᠢᠭᠦᠯᠬᠦ ᠬᠢᠵᠠᠭᠠᠷᠯᠠᠰᠢ ᠦᠭᠡᠢ ᠬᠠᠶᠢᠷ᠎ᠠ ᠰᠡᠳᠭᠢᠯᠭᠡ ᠪᠠᠨ ᠲᠣᠠᠠᠯᠠᠯᠳᠡ ᠳᠠᠭᠠᠨ ᠠᠭᠤᠰᠬᠠᠨ᠂ ᠬᠡᠷᠣᠯᠣᠨ ᠰᠣᠮᠣ ᠶᠢᠨ ᠮᠠᠯᠴᠢᠨ ᠲᠦᠮᠡᠨ ᠳᠤ ᠤᠬᠢ ᠰᠢᠯᠢᠳᠡᠭ ᠣᠶᠣᠨ ᠤ ᠬᠦᠨᠡᠰᠣ ᠬᠠᠨᠭ᠍ᠭᠠᠵᠤ᠂ ᠡᠪ ᠬᠠᠮᠳᠣ ᠨᠠᠮ ᠢᠶᠠᠨ ᠬᠠᠶᠢᠷᠠᠯᠠᠵᠤ᠂ ᠡᠬᠡ ᠣᠷᠣᠨ ᠢᠶᠠᠨ ᠬᠠᠶᠢᠷᠠᠯᠠᠬᠤ ᠦᠳᠭᠡᠨ ᠠᠭᠤᠷ ᠠᠮᠢᠰᠬᠤᠯ ᠢ ᠪᠣᠢ ᠪᠣᠯᠭᠠᠨ᠂ ︽ᠲᠠᠯ᠎ᠠ ᠨᠣᠳᠤᠭ ᠤᠨ ᠬᠤᠪᠢᠰᠬᠠᠯᠳᠣ ᠣᠳᠬ᠎ᠠ ᠣᠷᠠᠯᠢᠭ ᠤᠨ ᠬᠦᠡᠭᠭᠡᠨ ᠮᠣᠷᠢᠳᠣ ᠴᠡᠷᠢᠭ︾ ᠤᠨ ᠵᠣᠷᠢᠭ ᠰᠠᠨᠠᠭ᠎ᠠ ᠶᠢ ᠬᠦᠢᠴᠡᠳ ᠪᠠᠳᠠᠷᠠᠭᠤᠯᠣᠠᠠᠰᠡᠨ ᠪᠠᠶᠢᠨ᠎ᠠ᠃
                ᠡᠬᠡ ᠪᠢᠴᠢᠭ ᠬᠠᠩᠭᠠᠭᠰᠠᠨ ᠨᠢ᠄ ᠬᠡᠷᠣᠯᠣᠨ ᠰᠣᠮᠣ ᠶᠢᠨ ᠪᠣᠣ ᠣᠷᠢᠬᠠᠨ
 
ᠢᠷᠡᠯᠲᠡ᠄ ᠬᠡᠷᠣᠯᠣᠨ ᠰᠣᠮᠣ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号