6 ᠰᠠᠷ᠎ᠠ ᠶᠢᠨ 29 ᠤ ᠡᠳᠦᠷ᠂ ᠮᠠᠨ ᠤ ᠬᠤᠰᠢᠭᠤ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ | ᠪᠡᠯᠭᠡᠯᠡᠬᠦ ᠮᠢᠩᠭᠠᠨ ᠨᠠᠮ ᠤᠨ ᠭᠡᠰᠢᠭᠦᠨ ᠤ ᠬᠠᠮᠲᠤ ᠶᠢᠨ ᠲᠠᠩᠭᠠᠷᠢᠭᠯᠠᠬᠤ ᠶᠣᠰᠣᠯᠠᠯ ᠶᠠᠪᠤᠭᠤᠯᠵᠤ᠂ ᠥᠷᠭᠡᠨ ᠤᠯᠠᠨ | ᠨᠠᠮ ᠤᠨ ᠭᠡᠰᠢᠭᠦᠳ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠶᠠᠯᠠᠬᠤ ᠬᠦᠴᠦᠨ᠂ ᠨᠢᠭᠲᠠᠷᠠᠯ ᠤᠨ ᠬᠦᠴᠦᠨ᠂ ᠳᠠᠶᠢᠴᠢᠨ | ᠬᠦᠴᠦᠨ ᠪᠠ ᠨᠠᠮ ᠤᠨ ᠭᠡᠰᠢᠭᠦᠨ ᠤ ᠢᠷᠠᠭᠤ ᠠᠯᠳᠠᠷᠲᠤ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠪᠠ | ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠢᠲᠡᠭᠡᠯ ᠲᠡᠭᠦᠯᠳᠡᠷ ᠢᠶᠠᠷ ᠤᠷᠤᠭᠰᠢᠯᠠᠬᠤ ᠶᠢ | ᠵᠣᠷᠢᠭᠵᠢᠭᠤᠯᠤᠨ ᠳᠠᠶᠢᠴᠢᠯᠠᠪᠠ᠃ ᠪᠦᠬᠡᠪᠠᠶᠠᠷ᠂ ᠴᠠᠩ ᠴᠢᠩ᠂ ᠲᠡᠮᠡᠴᠡᠯ᠂ ᠶᠢᠨ ᠨᠠᠰᠤᠨ ᠵᠡᠷᠭᠡ ᠳᠦᠷᠪᠡᠨ ᠶᠡᠭᠡ | ᠤᠳᠤᠷᠢᠳᠬᠤ ᠪᠠᠭ ᠤᠨ ᠤᠳᠤᠷᠢᠳᠤᠯᠭ᠎ᠠ ᠪᠦᠬᠦ ᠬᠤᠰᠢᠭᠤᠨ ᠤ ᠡᠯ᠎ᠡ ᠬᠦᠷᠢᠶ᠎ᠡ ᠴᠠᠷᠠᠭ᠎ᠠ᠂ ᠡᠯ᠎ᠡ ᠹᠷᠣᠨᠲ ᠤᠨ 1000 | ᠨᠠᠮ ᠤᠨ ᠭᠡᠰᠢᠭᠦᠨ ᠨᠥᠬᠦᠳ ᠲᠠᠢ ᠬᠠᠮᠲᠤ ᠪᠠᠷ ᠨᠠᠮ ᠤᠨ ᠭᠡᠷᠡᠯ ᠰᠠᠴᠤᠷᠠᠩᠭᠤᠢ ᠲᠡᠦᠬᠡ ᠶᠢ ᠡᠷᠭᠢᠴᠡᠭᠦᠯᠵᠦ᠂ ᠨᠠᠮ ᠤᠨ | ᠠᠭᠤᠤ ᠭᠠᠪᠢᠶ᠎ᠠ ᠠᠤᠭ᠎ᠠ ᠵᠢᠳᠬᠦᠯ ᠢ ᠳᠤᠷᠠᠰᠤᠨ ᠰᠠᠨᠠᠭᠠᠯᠵᠠᠪᠠ᠃ ᠲᠣᠰ ᠠᠵᠢᠯᠯᠠᠭ᠎ᠠ ᠶᠢ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠶᠢᠨ ᠵᠢᠱᠢᠭᠳᠡᠭᠴᠢ ᠴᠠᠩ ᠴᠢᠩ ᠡᠷᠭᠢᠯᠡᠪᠡ᠃ | ᠦᠳᠡ ᠶᠢᠨ ᠡᠮᠦᠨᠡᠬᠢ 9 ᠴᠠᠭ ᠲᠤ᠂ ᠮᠢᠩᠭᠠᠨ ᠨᠠᠮ ᠤᠨ ᠭᠡᠰᠢᠭᠦᠨ ᠤᠯᠤᠰ ᠤᠨ ᠲᠤᠭ ᠢᠶᠠᠨ ᠠᠯᠭᠤᠷᠬᠠᠨ | ᠮᠠᠨᠳᠤᠭᠤᠯᠬᠤ ᠶᠢ ᠨᠢᠳᠦ ᠰᠠᠯᠭᠠᠯ ᠦᠭᠡᠢ ᠰᠢᠷᠲᠡᠨ ᠤᠯᠤᠰ ᠤᠨ ᠰᠦᠯᠳᠡ ᠳᠠᠭᠤᠤ ᠪᠠᠨ ᠬᠠᠩᠭᠢᠨᠠᠭᠤᠯᠤᠨ ᠳᠠᠭᠤᠯᠠᠪᠠ᠃ | | | | | ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠪᠠᠶᠠᠷ ᠤᠨ ᠦᠭᠡ ᠬᠡᠯᠡᠬᠦ ᠳᠡᠭᠡᠨ᠂ ᠨᠠᠮ ᠤᠨ | ᠭᠡᠷᠡᠯ ᠰᠠᠴᠤᠷᠠᠩᠭᠤᠶ ᠲᠤᠶᠠᠭᠠᠯᠠᠯ ᠳᠣᠣᠷ᠎ᠠ᠂ ᠮᠠᠨ ᠤ ᠬᠤᠰᠢᠭᠤᠨ ᠳᠤ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ | ᠭᠠᠷᠴᠤ᠂ ᠢᠯᠠᠩᠭᠤᠶ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ᠂ ᠪᠢᠳᠡ ᠶᠡᠷᠦᠩᠬᠡᠢ ᠱᠦᠵᠢ ᠰᠢ ᠶᠢᠨ | ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠯ᠎ᠡ ᠵᠦᠢᠯ ᠤᠨ | ᠠᠵᠢᠯ ᠦᠢᠯᠡᠰ ᠡᠳᠦᠷ ᠠᠴᠠ ᠡᠳᠦᠷ ᠥᠭᠡᠳᠡᠯᠡᠨ ᠬᠥᠭᠵᠢᠵᠦ᠂ ᠬᠢᠯᠢ ᠬᠢᠵᠠᠭᠠᠷ ᠠᠮᠤᠷ ᠲᠣᠭᠲᠠᠭᠤᠨ᠂ ᠦᠨᠳᠦᠰᠦᠲᠡᠨ | ᠪᠦᠯᠬᠦᠮᠳᠡᠯ ᠲᠠᠢ᠂ ᠠᠵᠤ ᠠᠬᠤᠢ ᠲᠦᠷᠭᠡᠨ ᠨᠡᠮᠡᠭᠳᠡᠯ ᠲᠠᠢ᠂ ᠨᠡᠶᠢᠭᠡᠮ ᠡᠶ᠎ᠡ ᠵᠣᠬᠢᠴᠠᠩᠭᠤᠢ ᠰᠠᠶᠢᠨ ᠰᠠᠶᠢᠬᠠᠨ ᠪᠠᠶᠢᠳᠠᠯ ᠢ | ᠡᠭᠦᠳᠴᠦ᠂ ᠴᠡᠴᠡᠭᠯᠡᠨ ᠬᠥᠭᠵᠢᠭᠰᠡᠨ ᠰᠠᠶᠢᠨ ᠰᠠᠶᠢᠬᠠᠨ ᠪᠠᠶᠢᠳᠠᠯ ᠢᠯᠡᠷᠡᠵᠡᠢ᠃ ᠪᠦᠬᠦ ᠬᠤᠰᠢᠭᠤᠨ ᠤ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠢ ᠤᠷᠢᠶᠠᠯᠠᠨ ᠵᠣᠷᠢᠯᠲᠠ ᠪᠠᠨ ᠪᠠᠲᠤ | ᠴᠡᠭᠡᠵᠢᠯᠡᠵᠦ᠂ ᠢᠮᠠᠭᠲᠠ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠪᠣᠯ | ᠳᠠᠷᠤᠶ ᠪᠢᠳᠡᠨ ᠤ ᠲᠡᠮᠡᠴᠡᠯ ᠤᠨ ᠬᠠᠷᠠᠯᠲᠠ ᠮᠥᠨ︾ ᠭᠡᠳᠡᠭ ᠢᠶᠠᠷ ᠦᠨᠳᠦᠰᠦᠨ ᠵᠢᠷᠤᠮᠯᠠᠯ ᠪᠣᠯᠭᠠᠵᠤ᠂ ︽ᠲᠠᠪᠤ ᠶᠢ | ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠪᠠ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ︽ᠲᠠᠪᠤᠨ ᠶᠡᠭᠡ ᠬᠥᠭᠵᠢᠯᠲᠡ︾ ᠶᠢᠨ | ᠤᠢᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠲᠡᠷᠢᠭᠦᠨ ᠤ ᠬᠠᠮᠲᠤ ᠨᠡᠶᠢᠲᠡ ᠪᠣᠯᠤᠨ ᠲᠡᠷᠢᠭᠦᠨ ᠤ ᠬᠤᠪᠢ | ᠬᠥᠮᠦᠨ ᠢᠶᠠᠷ ᠳᠠᠭᠤᠷᠢᠶᠠᠯ ᠪᠣᠯᠭᠠᠵᠤ᠂ ᠬᠤᠪᠢᠰᠬᠠᠯ ᠤᠨ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠬᠤᠪᠢᠰᠬᠠᠯ ᠤᠨ | ᠭᠧᠨ ᠢ ᠤᠯᠠᠮᠵᠢᠯᠠᠵᠤ᠂ ᠡᠪ ᠬᠠᠮᠲᠤᠴᠤᠳ ᠤᠨ ᠵᠣᠷᠢᠭ ᠰᠠᠨᠠᠭᠠᠨ ᠤ ᠰᠤᠳᠠᠰᠤ ᠶᠢ ᠦᠷᠭᠦᠯᠵᠢᠯᠡᠭᠦᠯᠵᠦ᠂ | ᠬᠤᠪᠢᠰᠬᠠᠯᠴᠢᠳ ᠤᠨ ᠶᠠᠭᠤᠨ ᠠᠴᠠ ᠴᠤ ᠠᠶᠤᠬᠤ ᠦᠭᠡᠢ ᠲᠡᠮᠡᠴᠡᠬᠦ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ | ᠡᠪ ᠬᠠᠮᠲᠤ ᠶᠣᠰᠣᠨ ᠤ ᠦᠢᠯᠡᠰ ᠤᠨ ᠲᠥᠯᠥᠭᠡ ᠨᠠᠰᠤ ᠪᠠᠷ ᠢᠶᠠᠨ ᠲᠡᠮᠡᠴᠡᠬᠦ ᠬᠡᠷᠡᠭᠲᠡᠢ ᠭᠡᠵᠡᠢ᠃ | ᠮᠢᠩᠭᠠᠨ ᠨᠡᠷᠡᠰ ᠨᠠᠮ ᠤᠨ ᠭᠡᠰᠢᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠤᠨ | ᠳᠠᠭᠠᠭᠤᠯᠭ᠎ᠠ ᠳᠣᠣᠷ᠎ᠠ᠂ ᠭᠠᠯ ᠤᠯᠠᠭᠠᠨ ᠨᠠᠮ ᠤᠨ ᠲᠤᠭ ᠤᠨ ᠡᠮᠦᠨ᠎ᠡ ᠲᠥᠪ ᠴᠢᠩᠭ᠎ᠠ ᠪᠠᠷ ᠲᠠᠩᠭᠠᠷᠢᠭᠯᠠᠵᠤ᠂ ︽ᠡᠪ | ᠬᠠᠮᠲᠤ ᠶᠣᠰᠣᠨ ᠤ ᠲᠥᠯᠥᠭᠡ ᠨᠠᠰᠤ ᠪᠠᠷ ᠢᠶᠠᠨ ᠲᠡᠮᠡᠴᠡᠶ᠎ᠡ︾ ᠭᠡᠬᠦ ᠡᠷᠡᠰ ᠪᠠᠲᠤ ᠲᠠᠩᠭᠠᠷᠢᠭ ᠤᠨ ᠦᠭᠡ ᠬᠡᠯᠡᠵᠦ᠂ | ᠡᠷᠡᠰ ᠪᠠᠲᠤ ᠬᠦᠴᠦᠨ ᠲᠡᠭᠦᠯᠳᠡᠷ ᠲᠠᠩᠭᠠᠷᠢᠭ ᠤᠨ ᠲᠠᠭᠤᠨ ᠠᠭᠤᠳᠠᠮ ᠲᠠᠯᠠᠪᠠᠢ ᠶᠢᠨ ᠣᠭᠲᠠᠷᠭᠤᠢ ᠳᠤ | ᠴᠤᠤᠷᠢᠶᠠᠲᠤᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ | ᠠᠵᠢᠯᠲᠠᠳ ᠤᠨ ᠰᠢᠨ᠎ᠡ ᠴᠠᠭ ᠦᠶ᠎ᠡ ᠶᠢᠨ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠠᠬᠢ ᠡᠭᠦᠷᠭᠡ | ᠬᠠᠷᠢᠭᠤᠴᠠᠯᠭ᠎ᠠ ᠶᠢ ᠭᠦᠢᠴᠡᠳ ᠢᠯᠡᠳᠬᠡᠵᠦ᠂ ᠨᠡᠩ ᠴᠤ ᠨᠠᠮ ᠳᠠᠭᠠᠨ ᠦᠨᠡᠨᠴᠢ ᠰᠢᠳᠤᠷᠭᠤ᠂ ᠡᠭᠦᠷᠢᠳᠡ ᠨᠠᠮ ᠠᠴᠠ | ᠤᠷᠪᠠᠭ᠋ᠤ ᠦᠭᠡᠢ ᠭᠡᠰᠡᠨ ᠡᠷᠡᠰ ᠪᠠᠲᠤ ᠠᠮᠠᠯᠠᠯᠲᠠ ᠶᠢ ᠠᠮᠠᠯᠠᠭᠰᠠᠨ ᠪᠠᠶᠢᠨ᠎ᠠ᠃ | ᠠᠵᠢᠯᠯᠠᠭ᠎ᠠ ᠳᠤ᠂ ᠬᠤᠰᠢᠭᠤ ᠱᠠᠲᠤᠨ ᠤ ᠤᠳᠤᠷᠢᠳᠤᠯᠭ᠎ᠠ ᠠᠴᠠ ᠨᠠᠮ ᠳᠤ ᠣᠷᠣᠭᠠᠳ 50 ᠵᠢᠯ ᠪᠣᠯᠤᠭᠰᠠᠨ | 12 ᠠᠬᠠᠮᠠᠳ ᠨᠠᠮ ᠤᠨ ᠭᠡᠰᠢᠭᠦᠨ ᠳᠤ ︽ᠨᠠᠮ ᠤᠨ ᠭᠡᠰᠢᠭᠦᠨ ᠪᠣᠯᠣᠭᠰᠠᠨ ᠢᠷᠠᠭᠤ ᠠᠯᠳᠠᠷ ᠲᠠᠢ 50 ᠵᠢᠯ︾ ᠤᠨ | ᠳᠤᠷᠠᠰᠬᠠᠯ ᠤᠨ ᠲᠡᠮᠳᠡᠭ ᠵᠡᠭᠦᠯᠭᠡᠵᠦ᠂ ᠣᠭ ᠰᠠᠨᠠᠭ᠎ᠠ ᠪᠠᠨ ᠥᠯᠥ ᠮᠠᠷᠲᠠᠨ᠂ ᠬᠥᠮᠦᠨ ᠤ ᠠᠮᠢᠳᠤᠷᠠᠯ ᠤᠨ ᠬᠠᠮᠤᠭ ᠤᠨ | ᠡᠷᠬᠢᠮ ᠨᠠᠨᠳᠢᠨ ᠴᠠᠭ ᠮᠥᠴᠡ ᠪᠠᠨ ᠢᠷᠠᠭᠤ ᠭᠠᠶᠢᠬᠠᠮᠰᠢᠭᠲᠤ ᠨᠡᠶᠢᠭᠡᠮ ᠵᠢᠷᠤᠮ ᠤᠨ ᠦᠢᠯᠡᠰ ᠲᠤ ᠵᠣᠷᠢᠭᠤᠯᠤᠭᠰᠠᠨ | ᠠᠬᠠᠮᠠᠳ ᠨᠠᠮ ᠤᠨ ᠭᠡᠰᠢᠭᠦᠨ ᠳᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ᠃ ᠠᠬᠠᠮᠠᠳ ᠨᠠᠮ ᠤᠨ ᠭᠡᠰᠢᠭᠦᠨ | ᠰᠢᠨ᠎ᠡ ᠪᠠᠷ ᠨᠠᠮ ᠳᠤ ᠡᠯᠰᠡᠭᠳᠡᠭᠰᠡᠨ 12 ᠨᠠᠮ ᠤᠨ ᠭᠡᠰᠢᠭᠦᠨ ᠳᠤ ᠨᠠᠮ ᠤᠨ ᠰᠦᠯᠳᠡ ᠵᠡᠭᠦᠯᠭᠡᠵᠦ᠂ ᠨᠠᠮ ᠤᠨ | ᠲᠦᠷᠢᠮ ᠢ ᠭᠠᠷᠳᠠᠭᠤᠯᠤᠨ᠂ ᠰᠢᠨ᠎ᠡ ᠨᠠᠮ ᠤᠨ ᠭᠡᠰᠢᠭᠦᠳ ᠢ ᠨᠠᠮ ᠳᠤ ᠤᠷᠤᠭᠰᠠᠨ ᠤᠬ ᠰᠠᠨᠠᠭ᠎ᠠ ᠪᠠᠨ ᠢᠮᠠᠭᠲᠠ ᠪᠠᠲᠤ | ᠴᠡᠭᠡᠵᠢᠯᠡᠵᠦ᠂ ᠰᠢᠨ᠎ᠡ ᠴᠠᠭ ᠦᠶ᠎ᠡ ᠶᠢᠨ ᠵᠣᠷᠢᠭ ᠰᠠᠨᠠᠭ᠎ᠠ ᠳᠤ ᠨᠡᠶᠢᠴᠡᠭᠰᠡᠨ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠭᠰᠡᠨ᠂ ᠵᠣᠷᠢᠭᠲᠠᠢ ᠪᠠᠷ ᠰᠢᠨ᠎ᠡ ᠶᠢ ᠡᠭᠦᠳᠦᠭᠰᠡᠨ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ ᠶᠢ | ᠵᠣᠷᠢᠭᠵᠢᠭᠤᠯᠪᠠ᠃ ᠠᠬᠠᠮᠠᠳ ᠨᠠᠮ ᠤᠨ ᠭᠡᠰᠢᠭᠦᠨ᠂ ᠰᠢᠨ᠎ᠡ ᠨᠠᠮ ᠤᠨ ᠭᠡᠰᠢᠭᠦᠨ ᠤ ᠲᠥᠯᠥᠭᠡᠯᠡᠭᠴᠢ ᠲᠤᠰ ᠲᠤᠰ | ᠶᠠᠷᠢᠶ᠎ᠠ ᠲᠠᠯᠪᠢᠪᠠ᠃ | ᠰᠢᠨ᠎ᠡ ᠨᠠᠮ ᠤᠨ ᠭᠡᠰᠢᠭᠦᠨ ᠲᠥᠯᠥᠭᠡᠯᠡᠭᠴᠢ ᠴᠧᠨ ᠯᠢ ᠵᠢᠶᠦ᠋ᠨ᠄ ᠪᠢᠳᠡ ᠥᠨᠥᠳᠦᠷ ᠤᠨ ᠡᠨᠡ ᠬᠦ ᠠᠷᠢᠭᠤᠨ | ᠲᠠᠷᠬᠠᠨ ᠴᠠᠭ ᠮᠥᠴᠡ ᠶᠢ ᠡᠭᠦᠷᠢᠳᠡ ᠴᠡᠭᠡᠵᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠳᠤ ᠤᠷᠤᠭᠰᠠᠨ ᠡᠨᠡ | ᠬᠦ ᠴᠠᠭ ᠮᠥᠴᠡ ᠶᠢ ᠬᠥᠮᠦᠨ ᠤ ᠠᠮᠢᠳᠤᠷᠠᠯ ᠤᠨ ᠨᠢᠭᠡᠨ ᠰᠢᠨ᠎ᠡ ᠭᠠᠷᠤᠭ᠎ᠠ ᠪᠣᠯᠭᠠᠵᠤ᠂ ᠬᠤᠶᠢᠰᠢᠳᠠ ᠶᠠᠮᠠᠷ ᠬᠦᠴᠢᠷ | ᠪᠡᠷᠬᠡᠰᠢᠶᠡᠯ ᠪᠠ ᠨᠤᠭᠤᠷᠠᠯ ᠪᠦᠳᠦᠷᠢᠯ ᠳᠤ ᠤᠴᠠᠷᠠᠭᠰᠠᠨ ᠴᠤ ᠢᠮᠠᠭᠲᠠ ᠨᠠᠮ ᠲᠠᠢ ᠰᠡᠳᠬᠢᠯ ᠰᠠᠨᠠᠭ᠎ᠠ ᠪᠠᠨ | ᠨᠢᠭᠡᠳᠬᠡᠵᠦ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠬᠠᠷᠠᠮᠰᠠᠯ ᠦᠭᠡᠢ ᠪᠠᠷ ᠨᠠᠮ ᠤᠨ ᠦᠢᠯᠡᠰ ᠤᠨ ᠲᠥᠯᠥᠭᠡ | ᠨᠠᠰᠤ ᠪᠠᠷ ᠢᠶᠠᠨ ᠲᠡᠮᠡᠴᠡᠨ᠎ᠡ︕ ᠨᠡᠩ ᠰᠢᠯᠢᠳᠡᠭ ᠤᠶᠤᠨ ᠰᠠᠨᠠᠭᠠᠨ ᠤ ᠳᠦᠷᠰᠦ ᠪᠠᠶᠢᠳᠠᠯ᠂ ᠨᠡᠩ ᠣᠷᠭᠢᠯᠤᠮ᠎ᠠ | ᠬᠠᠯᠠᠭᠤᠨ ᠰᠡᠳᠬᠢᠯᠭᠡ᠂ ᠨᠡᠩ ᠭᠠᠷᠮᠠᠭᠠᠢ ᠠᠵᠢᠯ ᠤᠨ ᠠᠮᠵᠢᠯᠲᠠ ᠪᠠᠷ ᠢᠶᠠᠨ ᠮᠠᠨ ᠤ ᠥᠨᠥᠳᠦᠷ ᠤᠨ ᠨᠠᠮ ᠤᠨ | ᠲᠤᠭ ᠤᠨ ᠳᠣᠣᠷᠠᠬᠢ ᠲᠠᠩᠭᠠᠷᠢᠭ ᠢᠶᠠᠨ ᠴᠢᠷᠮᠠᠶᠢᠨ ᠦᠢᠯᠡᠳᠦᠯᠭᠡᠵᠢᠭᠦᠯᠵᠦ᠂ ᠨᠠᠮ ᠤᠨ ᠲᠤᠭ ᠤᠨ ᠭᠡᠷᠡᠯ ᠭᠢᠯᠪᠠᠭ᠎ᠠ ᠶᠢ | ᠲᠡᠮᠡᠴᠡᠨ ᠣᠯᠵᠤ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠳᠤ ᠭᠡᠷᠡᠯ ᠭᠢᠯᠪᠠᠭ᠎ᠠ ᠪᠠᠨ ᠨᠡᠮᠡᠷᠢᠯᠡᠶ᠎ᠡ ᠭᠡᠵᠡᠢ᠃ | ︽ᠬᠤᠶᠠᠷ ᠰᠢᠯᠢᠳᠡᠭ ᠨᠢᠭᠡ ᠲᠡᠷᠢᠭᠦᠨ︾᠂ ᠠᠬᠠᠮᠠᠳ ᠨᠠᠮ ᠤᠨ ᠭᠡᠰᠢᠭᠦᠨ᠂ ᠰᠢᠨ᠎ᠡ ᠨᠠᠮ ᠤᠨ ᠭᠡᠰᠢᠭᠦᠨ ᠪᠠᠰᠠ | ︽ᠤᠯᠤᠰ ᠤᠨ ᠢᠶᠠᠨ ᠲᠥᠯᠥᠭᠡ ᠮᠠᠭᠲᠠᠨ ᠳᠠᠭᠤᠯᠠᠶ᠎ᠠ︾ ᠭᠡᠬᠦ ᠬᠤᠪᠢᠰᠬᠠᠯ ᠤᠨ ᠬᠥᠮᠦᠵᠢᠯ ᠤᠨ ᠺᠢᠨᠣ᠋ ᠶᠢ ᠰᠣᠨᠢᠷᠬᠠᠵᠤ᠂ | ᠰᠣᠩᠭᠤᠳᠠᠭ ᠬᠤᠪᠢᠰᠬᠠᠯ ᠤᠨ ᠺᠢᠨᠣ᠋ ᠠᠴᠠ ᠤᠷᠤᠭᠰᠢᠯᠠᠯᠲᠠ ᠶᠢᠨ ᠤᠶᠤᠨ ᠤᠬᠠᠭᠠᠨ ᠪᠠ ᠬᠦᠴᠦᠨ ᠴᠢᠳᠠᠯ ᠢ | ᠰᠢᠩᠭᠡᠭᠡᠨ ᠠᠪᠴᠤ᠂ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠬᠦ ᠰᠦᠷ ᠳᠠᠯᠠᠶᠢᠴᠠᠲᠠᠢ ᠠᠤᠭ᠎ᠠ | ᠬᠦᠴᠦᠨ ᠢ ᠬᠤᠷᠠᠮᠳᠤᠭᠤᠯᠵᠠᠢ᠃ | ᠢᠷᠡᠭᠰᠡᠨ ᠵᠠᠮ ᠢᠶᠠᠨ ᠦᠯᠦ ᠮᠠᠷᠲᠠᠵᠤ᠂ ᠭᠢᠰᠬᠢᠭᠰᠡᠨ ᠤᠯᠠ ᠮᠦᠷ ᠢᠶᠠᠨ ᠪᠠᠲᠤᠳᠬᠠᠵᠤ᠂ ᠢᠷᠡᠭᠡᠳᠦᠢ ᠶᠢᠨ | ᠵᠠᠮ ᠦᠭᠡᠳᠡ ᠵᠣᠷᠢᠭᠲᠠᠢ ᠪᠠᠷ ᠤᠷᠤᠭᠰᠢᠯᠠᠨ᠎ᠠ᠃ ᠰᠢᠨ᠎ᠡ ᠪᠠᠷᠭᠤ ᠪᠠᠷᠠᠭᠤᠨ ᠬᠤᠰᠢᠭᠤ ᠲᠡᠦᠬᠡ ᠶᠢᠨ ᠬᠥᠭᠵᠢᠯᠲᠡ ᠶᠢᠨ | ᠠᠵᠠ ᠲᠣᠬᠢᠶᠠᠯ ᠢ ᠴᠢᠩᠭ᠎ᠠ ᠠᠳᠬᠤᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠲᠤᠤᠱᠯᠠᠭᠤᠯᠵᠤ᠂ | ᠪᠦᠭᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠲᠦᠰᠢᠭᠯᠡᠨ ᠪᠦᠯᠬᠦᠮᠳᠡᠭᠦᠯᠦᠨ ᠳᠠᠭᠠᠭᠤᠯᠵᠤ᠂ | ᠪᠦᠯᠬᠦᠮᠳᠡᠨ ᠲᠡᠮᠡᠴᠡᠵᠦ᠂ ᠰᠢᠨ᠎ᠡ ᠶᠢ ᠡᠭᠦᠳᠬᠦ ᠪᠠᠷ ᠴᠢᠷᠮᠠᠶᠢᠨ᠂ ᠬᠥᠭᠵᠢᠯᠲᠡ ᠶᠢ ᠡᠷᠢᠯᠬᠢᠯᠡᠨ᠂ ᠭᠢᠯᠠᠯᠵᠠᠭᠰᠠᠨ | ᠠᠮᠵᠢᠯᠲᠠ ᠶᠢᠨ ᠬᠠᠭᠤᠳᠠᠰᠤ ᠨᠤᠭᠤᠳ ᠢ ᠲᠤᠰᠢᠶᠠᠭᠰᠠᠨ ᠪᠠᠶᠢᠨ᠎ᠠ᠃ ᠥᠨᠥ ᠵᠢᠯ ᠪᠣᠯ ᠨᠠᠮ ᠪᠠᠶᠢᠭᠤᠯᠤᠭᠳᠠᠭᠰᠠᠨ | 100 ᠵᠢᠯ ᠤᠨ ᠣᠶ ᠮᠥᠨ᠂ ᠪᠠᠰᠠ ᠴᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ | ᠵᠢᠯ ᠮᠥᠨ᠂ ᠰᠢᠨ᠎ᠡ ᠪᠠᠷᠭᠤ ᠪᠠᠷᠠᠭᠤᠨ ᠬᠤᠰᠢᠭᠤ ᠣᠳᠣᠬᠢᠴᠢᠯᠠᠯᠲᠠ ᠶᠢᠨ ᠰᠢᠨ᠎ᠡ ᠠᠶᠠᠨ ᠳᠤ ᠡᠷᠡᠯᠬᠡᠭᠯᠡᠨ | ᠤᠷᠤᠭᠰᠢᠯᠠᠵᠤ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠥᠬᠡᠶ᠂ ᠲᠡᠤᠬᠡ | ᠪᠠ ᠠᠷᠠᠳ ᠲᠦᠮᠡᠨ ᠳᠤ ᠣᠰᠣᠯᠳᠠᠬᠤ ᠥᠬᠡᠶ ᠰᠢᠨ᠎ᠡ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠨ ᠲᠡᠮᠡᠴᠡᠨ᠎ᠡ | ᠭᠡᠵᠡᠶ᠃ | | | ᠣᠷᠴᠢᠭᠤᠯᠤᠭᠴᠢ᠄ ᠦᠷᠴᠠᠶᠢᠬᠤ | | |