ᠨᠡᠭᠦᠷᠡᠰᠦᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠦᠭᠡᠶᠢᠰᠭᠡᠬᠦ ᠲᠣᠬᠠᠢ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2021/7/12
                           20210160 ᠳ᠋ᠤᠭᠠᠷ ᠲᠣᠭᠠᠲᠤ ᠦᠪᠦᠷ ᠮᠣᠩᠭᠤᠯ ᠤᠨ ᠬᠤᠩ ᠢᠤᠢ ᠰᠢᠨᠵᠢᠯᠡᠭᠡ ᠮᠡᠷᠭᠡᠵᠢᠯ ᠤᠨ ᠬᠤᠪᠢᠴᠠᠭᠠᠨ ᠤ ᠬᠢᠵᠠᠭᠠᠷᠲᠤ ᠺᠣᠮᠫᠠᠨᠢ᠄      ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ 2013 ᠣᠨ ᠤ 11 ᠳ᠋ᠦ᠋ᠭᠡᠷ ᠤᠳᠠᠭᠠᠨ ᠤ ᠲᠡᠷᠢᠭᠦᠯᠡᠭᠴᠢ ᠶᠢᠨ ᠠᠯᠪᠠᠯᠠᠬᠤ ᠬᠤᠷᠠᠯ ᠠᠴᠠ ᠲᠠᠨ ᠤ ᠺᠣᠮᠫᠠᠨᠢ ᠶᠢᠨ ᠵᠢᠯ ᠳᠤ 30 ᠲᠦᠮᠡᠨ ᠲᠣᠨ ᠨᠡᠶᠢᠯᠡᠯᠭᠡ ᠰᠢᠪᠲᠣᠷ 52 ᠲᠦᠮᠡᠨ ᠲᠣᠨ ᠰᠢᠭᠡᠰᠦᠯᠢᠭ ᠡᠳ᠋ ᠦᠢᠯᠡᠳᠪᠦᠷᠢᠯᠡᠬᠦ ᠲᠦᠷᠦᠯ ᠵᠦᠢᠯ ᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠰᠠᠨ ᠵᠢᠶᠤᠤ ᠳ᠋ᠢ ᠨᠡᠭᠦᠷᠡᠰᠦᠨ ᠤ ᠠᠢ ᠰᠠᠪᠠ ᠶᠢᠨ 1.53 ᠳ᠋ᠦᠩᠰᠢᠭᠤᠷ ᠲᠣᠨ ᠤ ᠨᠡᠭᠦᠷᠡᠰᠦᠨ ᠡᠬᠢ ᠪᠠᠶᠠᠯᠢᠭ ᠲᠣᠬᠢᠷᠠᠭᠤᠯᠤᠨ ᠦᠭᠬᠦ ᠶᠢ ᠵᠦᠪᠰᠢᠶᠡᠷᠡᠪᠡ᠃ ᠬᠦᠯᠦᠨ ᠪᠦᠢᠷ ᠤᠨ ᠬᠤᠸᠠᠰᠢᠨ ᠨᠢᠭᠲᠠᠯᠠᠨ ᠪᠣᠳᠤᠭᠴᠢ ᠶᠢᠨ ᠠᠵᠢᠯ ᠶᠠᠪᠤᠳᠠᠯ ᠤᠨ ᠦᠷᠲᠡᠭᠡ ᠶᠢᠨ ︽ᠦᠪᠦᠷ ᠮᠣᠩᠭᠤᠯ ᠤᠨ ᠬᠤᠩ ᠢᠤᠢ ᠰᠢᠨᠵᠢᠯᠡᠭᠡ ᠮᠡᠷᠭᠡᠵᠢᠯ ᠤᠨ ᠬᠤᠪᠢᠴᠠᠭᠠᠨ ᠤ ᠬᠢᠵᠠᠭᠠᠷᠲᠤ ᠺᠣᠮᠫᠠᠨᠢ ᠶᠢᠨ 3052 ᠬᠢᠮᠢ ᠶᠢᠨ ᠪᠣᠷᠳᠤᠭᠤᠷ ᠤᠨ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠢ ᠰᠢᠯᠭᠠᠨ ᠦᠨᠡᠯᠡᠭᠰᠡᠨ ᠮᠡᠳᠡᠭᠦᠯᠦᠯᠲᠡ︾ ᠶᠢ ᠦᠨᠳᠦᠰᠦᠯᠡᠨ᠂ ᠲᠣᠰ ᠲᠦᠷᠦᠯ ᠵᠦᠢᠯ ᠢ ᠬᠠᠭᠠᠰ ᠳᠤᠮᠳᠠ ᠠᠴᠠ ᠪᠠᠷᠢᠯᠭ᠎ᠠ ᠵᠣᠭᠰᠤᠭᠠᠵᠤ᠂ ᠪᠠᠷᠢᠯᠭ᠎ᠠ ᠶᠢᠨ ᠵᠢᠷᠤᠵᠤ ᠲᠦᠯᠦᠪᠯᠡᠭᠰᠡᠨ ᠪᠠᠷᠢᠮᠵᠢᠶ᠎ᠠ ᠳᠤ ᠬᠦᠷᠴᠦ ᠳᠡᠶᠢᠯᠦᠭᠰᠡᠨ ᠦᠭᠡᠢ ᠮᠦᠷᠲᠡᠭᠡᠨ ᠪᠠᠷᠢᠯᠭ᠎ᠠ ᠳᠠᠭᠤᠰᠬᠠᠨ ᠠᠰᠢᠭᠯᠠᠯᠲᠠ ᠳᠤ ᠣᠷᠤᠭᠤᠯᠵᠤ ᠴᠢᠳᠠᠭᠰᠠᠨ ᠦᠭᠡᠢ᠂ ᠠᠮᠠᠯᠠᠭᠰᠠᠨ ᠬᠡᠪᠴᠢᠶᠡᠵᠢᠯ ᠶᠣᠰᠤᠭᠠᠷ ᠲᠦᠷᠦᠯ ᠵᠦᠢᠯ ᠢ ᠤᠯᠠᠷᠢᠭᠤᠯᠤᠨ ᠪᠠᠶᠢᠭᠤᠯᠤᠭᠰᠠᠨ ᠦᠭᠡᠢ᠃      ︽ᠨᠡᠭᠦᠷᠡᠰᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠬᠢᠮᠳᠠ ᠪᠠᠷ ᠬᠤᠳᠠᠯᠳᠤᠬᠤ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠰᠠᠨᠠᠯ︾ ︵ᠦᠪᠦᠷ ᠵᠠᠰᠠᠭ ᠲᠠᠷᠬᠠᠭᠠᠭᠰᠠᠨ ﹇2018﹈ 22 ᠳ᠋ᠤᠭᠠᠷ ᠲᠣᠭᠠᠲᠤ︶᠂ ︽ᠦᠪᠡᠷᠲᠡᠭᠡᠨ ᠵᠠᠰᠠᠬᠤ ᠣᠷᠤᠨ ᠤ ᠨᠡᠭᠦᠷᠡᠰᠦᠨ ᠤ ᠡᠬᠢ ᠪᠠᠶᠠᠯᠢᠭ ᠢ ᠲᠣᠬᠢᠷᠠᠭᠤᠯᠬᠤ ᠬᠠᠮᠢᠶᠠᠷᠤᠯᠲᠠ ᠶᠢ ᠲᠡᠭᠦᠯᠳᠡᠷᠵᠢᠭᠦᠯᠬᠦ ᠲᠣᠭᠲᠠᠭᠠᠯ ᠤᠳ ᠢ ᠳᠠᠷᠤᠮᠯᠠᠨ ᠲᠠᠷᠬᠠᠭᠠᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠮᠡᠳᠡᠭᠳᠡᠯ︾ ︵ᠦᠪᠦᠷ ᠵᠠᠰᠠᠭ ᠲᠠᠷᠬᠠᠭᠠᠭᠰᠠᠨ ﹇2012﹈ 126 ᠳ᠋ᠤᠭᠠᠷ ᠲᠣᠭᠠᠲᠤ︶᠂ ︽ᠨᠢᠭᠡᠳᠦᠭᠡᠷ ᠪᠦᠯᠦᠭ ᠤᠨ ᠨᠡᠭᠦᠷᠡᠰᠦᠨ ᠤ ᠡᠬᠢ ᠪᠠᠶᠠᠯᠢᠭ ᠢ ᠢᠯᠭᠠᠷᠠᠭᠤᠯᠤᠨ ᠬᠤᠷᠢᠶᠠᠵᠤ ᠰᠢᠳᠪᠦᠷᠢᠯᠡᠬᠦ ᠬᠤᠯᠪᠤᠭᠳᠠᠯ ᠪᠦᠬᠦᠢ ᠶᠠᠪᠤᠳᠠᠯ ᠤᠨ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ︾ ︵ᠦᠪᠦᠷ ᠪᠠᠶᠢᠭᠠᠯᠢ ᠪᠠᠶᠠᠯᠢᠭ ᠦᠰᠦᠭᠲᠦ ﹇2021﹈ 154 ᠳ᠋ᠦ᠋ᠭᠡᠷ ᠲᠣᠭᠠᠲᠤ︶ ᠵᠡᠷᠭᠡ ᠬᠠᠮᠢᠶ᠎ᠠ ᠪᠦᠬᠦᠢ ᠲᠣᠭᠲᠠᠭᠠᠯ ᠶᠣᠰᠤᠭᠠᠷ᠂ ᠲᠠᠨ ᠤ ᠺᠣᠮᠫᠠᠨᠢ ᠶᠢᠨ ᠵᠢᠯ ᠳᠤ 30 ᠲᠦᠮᠡᠨ ᠲᠣᠨ ᠨᠡᠶᠢᠯᠡᠯᠭᠡ ᠰᠢᠪᠲᠣᠷ 52 ᠲᠣᠨ ᠰᠢᠭᠡᠰᠦᠯᠢᠭ ᠡᠳ᠋ ᠦᠢᠯᠡᠳᠪᠦᠷᠢᠯᠡᠬᠦ ᠲᠦᠷᠦᠯ ᠵᠦᠢᠯ ᠳᠤ ᠪᠡᠯᠡᠳᠬᠡᠨ ᠦᠯᠡᠳᠡᠭᠡᠭᠰᠡᠨ 1.53 ᠳ᠋ᠦᠩᠰᠢᠭᠤᠷ ᠲᠣᠨ ᠤ ᠨᠡᠭᠦᠷᠡᠰᠦᠨ ᠤ ᠡᠬᠢ ᠪᠠᠶᠠᠯᠢᠭ ᠢ ᠦᠭᠡᠶᠢᠰᠬᠡᠪᠡ᠃      ᠡᠭᠦᠨ ᠤ ᠲᠤᠯᠠ ᠮᠡᠳᠡᠭᠳᠡᠪᠡ᠃                                    2021 ᠣᠨ ᠤ 6 ᠰᠠᠷ᠎ᠠ ᠶᠢᠨ 18 ᠤ ᠡᠳᠦᠷ      ︵ᠲᠣᠰ ᠮᠡᠲ᠋ᠧᠷᠢᠶᠠᠯ ᠢ ᠢᠯᠡ ᠨᠡᠶᠢᠲᠡᠯᠡᠪᠡ︶
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号