ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠠᠷᠪᠠᠳᠤᠭᠠᠷ ᠡᠭᠡᠯᠵᠢ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠨᠠᠶᠢᠳᠠᠪᠤᠷᠢᠵᠢᠭᠤᠯᠬᠤ ᠤᠳᠤᠷᠢᠳᠬᠤ ᠪᠠᠭ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠪᠠ
ᠨᠡᠶᠢᠲᠡᠯᠡᠭᠰᠡᠨ ᠴᠠᠭ᠄
2021/7/16
     ︽︿ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠬᠤ ᠳᠤᠭᠤᠶᠢᠯᠠᠩ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠢ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠲᠤᠬᠠᠢ ᠬᠠᠷᠢᠭᠤ ᠲᠤᠰᠬᠠᠭᠰᠠᠨ ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠣᠶᠢᠷ᠎ᠠ ᠶᠢᠨ ᠡᠳᠦᠷ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠡᠭᠡᠯᠵᠢ ᠶᠢᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠶᠣᠰᠣᠭᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠᠷ ᠭᠤᠤᠯ ᠰᠡᠳᠦᠪ ᠪᠣᠯᠭᠠᠵᠤ᠂ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠨ ᠵᠢᠭᠠᠨ ᠵᠢᠯᠣᠭᠤᠳᠴᠤ ᠦᠨᠡᠯᠡᠯᠲᠡ ᠬᠢᠪᠠ᠃
         ᠬᠤᠷᠠᠯ ᠳᠡᠭᠡᠷ᠎ᠡ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠦᠸᠧ ᠭᠠᠩ ᠨᠥᠬᠦᠷ ᠨᠠᠮ ᠤᠨ ᠤᠳᠤᠷᠢᠳᠬᠤ ᠳᠤᠭᠤᠶᠢᠯᠠᠩ ᠢ ᠲᠥᠯᠥᠭᠡᠯᠡᠨ ᠡᠩ ᠲᠡᠷᠢᠭᠦᠨ ᠳᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠠᠶᠢᠴᠠᠭᠠᠨ ᠦᠵᠡᠵᠦ ᠵᠠᠳᠠᠯᠤᠨ ᠰᠢᠨᠵᠢᠯᠡᠪᠡ᠃ ᠵᠦᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠲᠤᠰ ᠲᠤᠰ ᠥᠪᠡᠷ ᠤᠨ ᠠᠵᠢᠯ᠂ ᠦᠵᠡᠯ ᠰᠠᠨᠠᠭᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠦᠨᠵᠡᠭᠡᠶ ᠵᠠᠳᠠᠯᠤᠯᠲᠠ ᠬᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠨᠠᠷᠢᠨ ᠬᠢᠨᠠᠮᠠᠭᠠᠶ ᠥᠷᠨᠢᠭᠦᠯᠵᠦ᠂ ᠥᠪᠡᠷ ᠤᠨ ᠪᠡᠶ᠎ᠡ ᠳᠤ ᠣᠷᠣᠰᠢᠵᠤ ᠪᠠᠶᠢᠭ᠎ᠠ ᠠᠰᠠᠭᠤᠳᠠᠯ ᠢᠶᠠᠨ ᠪᠠᠶᠢᠴᠠᠭᠠᠨ ᠦᠵᠡᠵᠦ᠂ ᠬᠤᠶᠢᠰᠢᠳᠠ ᠶᠢᠨ ᠠᠵᠢᠯ ᠤᠨ ᠴᠢᠷᠮᠠᠶᠢᠬᠤ ᠴᠢᠭᠯᠡᠯ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶ ᠪᠣᠯᠭᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠷᠠᠯ ᠳᠤ ᠣᠷᠣᠯᠴᠠᠭᠰᠠᠨ ᠨᠥᠬᠦᠳ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠵᠢᠯᠣᠭᠤᠳᠣᠯᠭ᠎ᠠ ᠪᠠ ᠦᠨᠡᠯᠡᠯᠲᠡ ᠬᠢᠵᠦ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ ᠡᠮᠦᠨᠡᠬᠢ ᠬᠤᠭᠤᠴᠠᠭᠠᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠤᠯᠪᠣᠭᠳᠠᠯ ᠪᠥᠬᠦᠶ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃      ᠬᠠᠮᠤᠭ ᠰᠡᠭᠦᠯ ᠳᠤ ᠯᠦᠸᠧ ᠭᠠᠩ ᠨᠥᠬᠦᠷ ᠪᠦᠬᠦ ᠤᠳᠤᠷᠢᠳᠬᠤ ᠪᠠᠭ ᠤᠨ ᠪᠦᠷᠢᠯᠳᠦᠬᠦᠨ ᠢ ᠲᠥᠯᠥᠭᠡᠯᠡᠨ ᠣᠪᠣᠷ ᠢᠶᠠᠨ ᠢᠯᠡᠳᠬᠡᠵᠦ᠂ ᠲᠤᠰ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠬᠤ ᠪᠠᠷ ᠬᠦᠴᠦᠲᠡᠶ ᠠᠵᠠ ᠲᠣᠬᠢᠶᠠᠯ ᠪᠣᠯᠭᠠᠨ᠂ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠠ ᠴᠢᠬᠤᠯᠠ ᠡᠭᠦᠷᠭᠡ ᠪᠣᠯᠭᠠᠨ᠂ ᠪᠣᠳᠠᠲᠠᠶ ᠪᠥᠭᠡᠳ ᠨᠠᠷᠢᠯᠢᠭ ᠠᠳᠬᠤᠵᠤ᠂ ᠦᠷ᠎ᠡ ᠪᠦᠲᠦᠮᠵᠢ ᠭᠠᠷᠭᠠᠨ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠪᠣᠶ ᠪᠣᠯᠭᠠᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ ᠭᠡᠵᠡᠢ᠃                                  ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号