ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠪᠠ
ᠨᠡᠶᠢᠲᠡᠯᠡᠭᠰᠡᠨ ᠴᠠᠭ᠄
2021/7/21
     ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 7 ᠰᠠᠷ᠎ᠠ ᠶᠢᠨ 20 ᠤ ᠡᠳᠦᠷ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ  ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠵᠦ᠂ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠡᠯ᠎ᠡ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠤ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠠ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠤᠳᠤᠷᠢᠳᠤᠯᠭ᠎ᠠ ᠵᠢᠭᠠᠨ ᠵᠢᠯᠣᠭᠤᠳᠪᠠ᠃
           ᠬᠤᠷᠠᠯ ᠳᠡᠭᠡᠷ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠧᠦ ᠸᠧᠨ ᠰᠢᠶᠠᠩ ᠲᠣᠪᠴᠢᠶ᠎ᠠ ᠶᠢᠨ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠲᠦᠷᠦᠭᠦᠯᠡᠨ ᠥᠪᠡᠷ ᠤᠨ ᠰᠢᠭᠦᠮᠵᠢᠯᠡᠯ ᠬᠢᠵᠦ᠂ ᠪᠤᠰᠤᠳ ᠤᠳᠤᠷᠢᠳᠬᠤ ᠪᠠᠭ ᠤᠨ ᠪᠦᠷᠢᠯᠳᠦᠬᠦᠨ ᠨᠡᠷ ᠲᠤᠰ ᠲᠤᠰ ᠥᠪᠡᠷ ᠤᠨ ᠰᠢᠭᠦᠮᠵᠢᠯᠡᠯ ᠪᠠ ᠬᠠᠷᠢᠯᠴᠠᠨ ᠰᠢᠭᠦᠮᠵᠢᠯᠡᠯ ᠥᠷᠨᠢᠭᠦᠯᠵᠡᠢ᠃ ᠣᠯᠠᠨ ᠢᠶᠠᠷ ᠢᠶᠠᠨ ᠭᠤᠤᠯ ᠰᠡᠳᠦᠪ ᠤᠨ ᠲᠣᠭᠤᠷᠢᠨ ᠳᠤ᠂ ᠬᠤᠰᠢᠭᠤᠨ ᠤ ᠨᠠᠮ ᠤᠨ ᠬᠤᠷᠢᠶ᠎ᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠭᠤᠷᠪᠠᠨ ᠶᠡᠭᠡ ᠲᠠᠯ᠎ᠠ ᠶᠢᠨ ᠠᠰᠠᠭᠤᠳᠠᠯ ᠤᠨ ᠲᠣᠭᠤᠷᠢᠨ ᠳᠤ᠂ ᠥᠪᠡᠷ ᠤᠨ ᠪᠡᠶ᠎ᠡ ᠪᠠᠨ ᠣᠷᠣᠭᠤᠯᠵᠤ᠂ ᠡᠭᠦᠷᠭᠡ ᠬᠠᠷᠢᠭᠤᠴᠠᠯᠭ᠎ᠠ ᠪᠠᠨ ᠣᠷᠣᠭᠤᠯᠵᠤ᠂ ᠠᠵᠢᠯ ᠢᠶᠠᠨ ᠣᠷᠣᠭᠤᠯᠵᠤ᠂ ᠠᠰᠠᠭᠤᠳᠠᠯ ᠢ ᠨᠠᠷᠢᠨ ᠬᠢᠨᠠᠮᠠᠭᠠᠶ ᠡᠷᠢᠵᠦ᠂ ᠰᠠᠨᠠᠭᠠᠴᠢᠯᠠᠭ᠎ᠠ ᠠᠴᠠ ᠪᠠᠨ ᠰᠠᠨᠠᠯ ᠢ ᠭᠥᠯᠢᠶᠡᠨ ᠠᠪᠴᠤ᠂ ᠦᠨᠳᠦᠰᠦ ᠰᠤᠷᠪᠤᠯᠵᠢ ᠶᠢ ᠨᠢ ᠭᠦᠨᠵᠡᠭᠡᠶ ᠵᠠᠳᠠᠯᠤᠨ ᠰᠢᠨᠵᠢᠯᠡᠬᠦ ᠶᠢ ᠪᠠᠷᠢᠮᠲᠠᠯᠠᠪᠠ᠃ ᠬᠤᠷᠠᠯ ᠨᠢ ᠪᠦᠯᠬᠦᠮᠳᠡᠯ ᠲᠠᠢ᠂ ᠲᠥᠪ ᠴᠢᠩᠭ᠎ᠠ᠂ ᠠᠮᠢᠳᠤᠯᠢᠭ ᠴᠣᠪᠣᠭᠤᠯᠢᠭ ᠠᠭᠤᠷ ᠠᠮᠢᠰᠬᠤᠯ ᠤᠨ ᠳᠤᠮᠳᠠ ᠶᠠᠪᠤᠭᠳᠠᠵᠤ᠂ ᠪᠦᠯᠬᠦᠮᠳᠡᠬᠦ — ᠰᠢᠭᠦᠮᠵᠢᠯᠡᠬᠦ — ᠪᠦᠯᠬᠦᠮᠳᠡᠬᠦ ᠵᠣᠷᠢᠯᠭ᠎ᠠ ᠳᠠᠭᠠᠨ ᠬᠦᠷᠦᠭᠰᠡᠨ ᠪᠠᠶᠢᠨ᠎ᠠ᠃    ᠬᠠᠮᠤᠭ ᠡᠴᠦᠰ ᠲᠤ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠨᠥᠬᠦᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠦᠨᠡᠯᠡᠯᠲᠡ ᠬᠢᠵᠦ᠂ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠨᠤᠲᠠᠯᠠᠭᠰᠠᠨ ᠤ ᠬᠠᠮᠲᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠠᠯᠢᠪᠠ ᠠᠵᠢᠯ ᠤᠨ ᠢᠶᠠᠨ ᠦᠨᠳᠦᠰᠦᠨ ᠵᠢᠷᠤᠮᠯᠠᠯ ᠪᠣᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠡᠷᠡᠰ ᠭᠤᠶᠢᠪᠢᠰᠢ ᠥᠬᠡᠶ ᠰᠠᠶᠢᠲᠤᠷ ᠬᠢᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠳᠥᠯᠭᠢᠨ ᠠᠬᠢᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃                                     ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号