ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠬᠤᠷᠢᠶᠠᠨ ᠤ ᠠᠩᠬᠠᠳᠤᠭᠠᠷ ᠬᠤᠷᠠᠯ ᠪᠣᠯᠤᠨ ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/7/29
       7 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠬᠤᠷᠢᠶᠠᠨ ᠤ ᠠᠩᠬᠠᠳᠤᠭᠠᠷ ᠬᠤᠷᠠᠯ ᠦᠨᠳᠦᠰᠦᠲᠡᠨ ᠤ ᠰᠣᠶᠣᠯ ᠤᠨ ᠲᠥᠪ ᠤᠨ ᠬᠤᠶᠠᠳᠤᠭᠠᠷ ᠳᠠᠪᠬᠤᠷᠭ᠎ᠠ ᠶᠢᠨ ᠨᠢᠭᠡᠳᠦᠭᠡᠷ ᠬᠤᠷᠠᠯ ᠤᠨ ᠭᠡᠷ ᠲᠤ ᠬᠤᠷᠠᠯᠳᠤᠵᠦ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠷᠠᠯ ᠢ ᠡᠷᠭᠢᠯᠡᠵᠦ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠠᠶ᠃        ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠡᠰᠢᠭᠦᠨ᠂ ᠣᠷᠣᠯᠠᠭᠴᠢ ᠭᠡᠰᠢᠭᠦᠨ ᠪᠣᠯᠤᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠵᠢᠴᠢ ᠬᠥᠯᠥᠨ ᠪᠤᠶᠢᠷ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠳᠤ ᠣᠷᠣᠯᠴᠠᠬᠤ ᠲᠥᠯᠥᠭᠡᠯᠡᠭᠴᠢ ᠶᠢᠨ ᠵᠢᠱᠢᠭᠳᠡᠭᠴᠢ ᠶᠢᠨ ᠪᠡᠯᠡᠳᠬᠡᠯ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠵᠢᠴᠢ ᠲᠣᠳᠣᠷᠬᠠᠶᠢᠯᠠᠯᠲᠠ ᠶᠢ ᠬᠢᠨᠠᠨ ᠵᠥᠪᠯᠡᠪᠡ᠃
               ᠳᠠᠷᠠᠭ᠎ᠠ ᠳᠤᠨᠢ᠂ ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠬᠤᠷᠠᠯ ᠢ ᠦᠨᠳᠦᠰᠦᠲᠡᠨ ᠤ ᠰᠣᠶᠣᠯ ᠤᠨ ᠲᠥᠪ ᠤᠨ ᠬᠤᠶᠠᠳᠤᠭᠠᠷ ᠳᠠᠪᠬᠤᠷᠭ᠎ᠠ ᠶᠢᠨ ᠬᠤᠶᠠᠳᠤᠭᠠᠷ ᠬᠤᠷᠠᠯ ᠤᠨ ᠭᠡᠷ ᠲᠤ ᠬᠤᠷᠠᠯᠳᠤᠪᠠ᠃ ᠬᠤᠷᠠᠯ ᠢ ᠪᠦᠬᠡᠪᠠᠶᠠᠷ ᠡᠷᠬᠢᠯᠡᠵᠦ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ᠂ ᠡᠯ᠎ᠡ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠨᠠᠷ ᠬᠤᠷᠠᠯ ᠳᠤ ᠣᠷᠣᠯᠴᠠᠪᠠ᠃ ᠬᠥᠯᠥᠨ ᠪᠤᠶᠢᠷ ᠬᠤᠳᠠ ᠶᠢᠨ ᠬᠤᠭᠤᠴᠠᠭ᠎ᠠ ᠰᠣᠯᠢᠬᠤ ᠠᠵᠢᠯ ᠤᠨ ᠠᠷᠪᠠᠨ ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠪᠠᠶᠠᠠᠪᠠᠷᠰ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃        ᠬᠤᠷᠠᠯ ᠳᠡᠭᠡᠷ᠎ᠡ᠂ ᠯᠦ ᠴᠤᠸᠠᠨ ᠱᠧᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠡᠰᠢᠭᠦᠨ᠂ ᠣᠷᠣᠯᠠᠭᠴᠢ ᠭᠡᠰᠢᠭᠦᠨ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ ᠤ ᠵᠢᠱᠢᠭᠳᠡᠭᠴᠢ ᠶᠢᠨ ᠪᠡᠯᠡᠳᠬᠡᠯ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠤᠨ ᠳᠤᠬᠠᠢ ᠲᠣᠳᠣᠷᠬᠠᠶᠢᠯᠠᠯᠲᠠ ᠪᠠ ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠯᠥᠨ ᠪᠤᠶᠢᠷ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢ ᠶᠢᠨ ᠵᠢᠱᠢᠭᠳᠡᠭᠴᠢ ᠶᠢᠨ ᠪᠡᠯᠡᠳᠬᠡᠯ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠤᠨ ᠳᠤᠬᠠᠢ ᠲᠣᠳᠣᠷᠬᠠᠶᠢᠯᠠᠯᠲᠠ ᠬᠢᠪᠡ᠃
       ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠡᠰᠢᠭᠦᠨ᠂ ᠣᠷᠣᠯᠠᠭᠴᠢ ᠭᠡᠰᠢᠭᠦᠨ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ ᠤ ᠵᠢᠱᠢᠭᠳᠡᠭᠰᠡᠳ ᠤᠨ ᠪᠡᠯᠡᠳᠬᠡᠯ ᠵᠢᠱᠢᠭᠳᠡᠭᠴᠢ ᠶᠢᠨ ᠨᠡᠷᠡᠰ ᠢ ᠬᠢᠨᠠᠨ ᠵᠥᠪᠯᠡᠪᠡ︔ ᠬᠥᠯᠥᠨ ᠪᠤᠶᠢᠷ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢ ᠶᠢᠨ ᠵᠢᠱᠢᠭᠳᠡᠭᠴᠢ ᠶᠢᠨ ᠪᠡᠯᠡᠳᠬᠡᠯ ᠵᠢᠱᠢᠭᠳᠡᠭᠴᠢ ᠶᠢᠨ ᠨᠡᠷᠡᠰ ᠢ ᠬᠢᠨᠠᠨ ᠵᠥᠪᠯᠡᠪᠡ︔ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶ ᠶᠢ ᠬᠢᠨᠠᠨ ᠶᠠᠷᠢᠯᠴᠠᠪᠠ︔ ᠡᠯ᠎ᠡ ᠲᠥᠯᠥᠭᠡᠯᠡᠭᠴᠢᠳ ᠤᠨ ᠪᠦᠯᠬᠦᠮ ᠤᠨ ᠪᠦᠯᠬᠦᠮ ᠬᠤᠪᠢᠶᠠᠭᠰᠠᠨ ᠪᠡᠯᠡᠳᠬᠡᠯ ᠰᠣᠩᠭᠤᠭᠤᠯᠢ ᠪᠠ ᠶᠡᠭᠡ ᠬᠤᠷᠠᠯ ᠤᠨ ᠰᠣᠩᠭᠤᠭᠤᠯᠢ ᠶᠢᠨ ᠪᠢᠯᠧᠲ ᠬᠢᠨᠠᠭᠴᠢ ᠶᠢ ᠪᠠᠶᠢᠷᠢᠯᠠᠭᠤᠯᠪᠠ᠃        ᠲᠤᠰ ᠤᠳᠠᠭᠠᠨ ᠤ ᠰᠤᠩᠭᠤᠭᠤᠯᠢ ᠶᠢᠨ ᠠᠵᠢᠯ ᠢ ᠰᠠᠶᠢᠲᠤᠷ ᠬᠢᠬᠦ ᠳᠤᠬᠠᠢ ᠪᠦᠬᠡᠪᠠᠶᠠᠷ ᠴᠢᠬᠤᠯᠠᠴᠢᠯᠠᠭᠰᠠᠨ ᠨᠢ᠂ ᠴᠢᠩᠭ᠎ᠠ ᠬᠦᠴᠦᠲᠡᠶ ᠬᠤᠰᠢᠭᠤᠨ ᠤ ᠨᠠᠮ ᠤᠨ ᠬᠤᠷᠢᠶ᠎ᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠤᠳᠤᠷᠢᠳᠬᠤ ᠪᠠᠭ ᠢ ᠰᠤᠩᠭᠤᠵᠦ ᠭᠠᠷᠭᠠᠬᠤ ᠨᠢ ᠮᠠᠨ ᠤ ᠬᠤᠰᠢᠭᠤᠨ ᠤ ᠪᠦᠭᠦ ᠲᠠᠯ᠎ᠠ ᠪᠣᠯᠤᠨ ᠠᠯᠤᠰ ᠬᠡᠲᠤ ᠶᠢᠨ ᠬᠥᠭᠵᠢᠯᠲᠡ ᠳᠤ ᠬᠤᠯᠪᠤᠭᠳᠠᠬᠤ ᠶᠠᠪᠤᠳᠠᠯ ᠪᠤᠯᠤᠨ᠎ᠠ᠃ ᠰᠣᠩᠭᠤᠭᠤᠯᠢ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭ᠎ᠠ ᠪᠠᠨ ᠨᠢᠭᠡᠳᠬᠡᠨ᠂ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠢ ᠪᠠᠷᠢᠮᠲᠠᠯᠠᠨ ᠲᠤᠤᠱᠯᠠᠭᠤᠯᠵᠤ᠂ ᠤᠳᠤᠷᠢᠳᠤᠯᠭ᠎ᠠ ᠪᠠᠨ ᠴᠢᠨᠠᠭᠰᠢᠳᠠ ᠴᠢᠩᠭᠠᠳᠬᠠᠨ᠂ ᠰᠠᠬᠢᠯᠭ᠎ᠠ ᠪᠠᠲᠤ ᠶᠢ ᠴᠢᠩᠳᠠᠯᠠᠵᠤ᠂ ᠨᠠᠮ᠂ ᠠᠷᠠᠳ ᠲᠦᠮᠡᠨ᠂ ᠠᠵᠢᠯ ᠦᠢᠯᠡᠰ ᠲᠡᠭᠡᠨ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠰᠣᠩᠭᠤᠭᠤᠯᠢ ᠶᠢᠨ ᠠᠵᠢᠯ ᠤᠨ ᠡᠮᠬᠢ ᠵᠢᠷᠤᠮ ᠲᠠᠢ ᠪᠠᠷ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃                   ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号