ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/7/30
        7 ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠦᠨᠳᠦᠰᠦᠲᠡᠨ ᠤ ᠰᠣᠶᠣᠯ ᠤᠨ ᠲᠥᠪ ᠤᠨ ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠬᠡᠷ ᠲᠤ ᠬᠤᠷᠠᠯᠳᠤᠵᠤ᠂ ᠰᠢᠨ᠎ᠡ ᠨᠢᠭᠡ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠤᠳᠤᠷᠢᠳᠬᠤ ᠪᠠᠭ ᠢ ᠰᠣᠩᠭᠤᠨ ᠭᠠᠷᠭᠠᠪᠠ᠃ ᠬᠤᠷᠠᠯ ᠢ ᠳ᠋ᠦ᠋ ᠴᠧᠩ ᠡᠷᠬᠢᠯᠡᠪᠡ᠃ ᠬᠥᠯᠥᠨ ᠪᠤᠶᠢᠷ ᠬᠤᠳᠠ ᠶᠢᠨ ᠬᠤᠭᠤᠴᠠᠭ᠎ᠠ ᠰᠣᠯᠢᠬᠤ ᠠᠵᠢᠯ ᠤᠨ ᠠᠷᠪᠠᠨ ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ ᠳᠤᠭᠤᠶᠢᠯᠠᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃
       ᠬᠤᠷᠠᠯ ᠠᠴᠠ ᠰᠣᠩᠭᠤᠭᠤᠯᠢ ᠶᠢᠨ ᠠᠷᠭ᠎ᠠ ᠶᠢ ᠶᠠᠷᠢᠯᠴᠠᠨ ᠪᠠᠲᠤᠯᠠᠭᠰᠠᠨ ᠪᠥᠭᠡᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠱᠦᠵᠢ᠂ ᠳᠡᠳ᠋ ᠱᠦᠵᠢ ᠪᠠᠷ ᠵᠢᠱᠢᠭᠳᠡᠭᠰᠡᠳ ᠤᠨ ᠪᠡᠯᠡᠳᠬᠡᠯ ᠵᠢᠱᠢᠭᠳᠡᠭᠰᠡᠳ ᠤᠨ ᠨᠡᠷᠡᠰ ᠤᠨ ᠲᠤᠬᠠᠶ ᠲᠣᠳᠣᠷᠬᠠᠶᠢᠯᠠᠯᠲᠠ ᠬᠢᠪᠡ︔ ᠪᠢᠯᠧᠲ ᠬᠢᠨᠠᠭᠴᠢ ᠶᠢᠨ ᠨᠡᠷᠡᠰ ᠢ ᠪᠠᠲᠤᠯᠠᠪᠠ᠃        ᠬᠤᠷᠠᠯ ᠠᠴᠠ ᠨᠡᠷ᠎ᠡ ᠲᠡᠮᠳᠡᠭᠯᠡᠬᠦ ᠦᠭᠡᠢ ᠪᠠᠷ ᠪᠢᠯᠧᠲ ᠥᠭᠬᠦ ᠠᠷᠭ᠎ᠠ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠢ 7 ᠰᠣᠩᠭᠤᠨ ᠭᠠᠷᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ 1 ᠬᠦᠮᠦᠨ᠂ ᠳᠡᠳ᠋ ᠱᠦᠵᠢ 2 ᠬᠥᠮᠦᠨ ᠢ ᠰᠣᠩᠭᠤᠨ ᠭᠠᠷᠭᠠᠪᠠ᠃
             ᠳ᠋ᠦ᠋ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠪᠠᠷ ᠰᠣᠩᠭᠤᠭᠳᠠᠪᠠ᠃ ᠬᠠᠶ ᠭᠦᠸᠧ ᠵᠢᠩ᠂ ᠦᠨᠡᠨᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ ᠪᠠᠷ ᠰᠣᠩᠭᠤᠭᠳᠠᠪᠠ᠃        ᠬᠤᠷᠠᠯ ᠳᠤ᠂ ᠳ᠋ᠦ᠋ ᠴᠧᠩ ᠴᠧᠩ ᠰᠢᠨ᠎ᠡ ᠨᠢᠭᠡ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠤᠳᠤᠷᠢᠳᠬᠤ ᠪᠠᠭ ᠤᠨ ᠬᠤᠶᠢᠰᠢᠳᠠ ᠶᠢᠨ ᠠᠵᠢᠯ ᠢᠶᠠᠨ ᠰᠠᠶᠢᠲᠤᠷ ᠬᠢᠬᠦ ᠲᠤᠬᠠᠶ ᠰᠠᠨᠠᠯ ᠳᠤᠷᠠᠳᠪᠠ᠃
       ᠲᠡᠷᠡ᠂ ᠭᠤᠣᠯ ᠠᠵᠢᠯ ᠤᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠬᠥᠭᠵᠢᠯᠲᠡ ᠶᠢ ᠠᠬᠢᠭᠤᠯᠬᠤ ᠲᠡᠷᠢᠭᠦᠨ ᠴᠢᠬᠤᠯᠠ ᠡᠭᠦᠷᠭᠡ ᠶᠢᠨ ᠲᠠᠯ᠎ᠠ ᠪᠠᠷ ᠰᠢᠨ᠎ᠡ ᠠᠮᠵᠢᠯᠲᠠ ᠪᠦᠲᠦᠮᠵᠢ ᠭᠠᠷᠭᠠᠵᠤ᠂ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠪᠠᠲᠤᠯᠠᠬᠤ᠂ ᠲᠡᠭᠦᠯᠳᠡᠷᠵᠢᠭᠦᠯᠦᠨ ᠬᠥᠭᠵᠢᠭᠦᠯᠬᠦ ᠶᠢ ᠠᠬᠢᠭᠤᠯᠬᠤ ᠶᠠᠪᠤᠳᠠᠯ ᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠭᠤᠣᠯ ᠡᠭᠦᠷᠭᠡ ᠪᠣᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠠᠵᠢᠯ ᠤᠨ ᠭᠤᠣᠯᠳᠠᠯᠭ᠎ᠠ ᠶᠣᠰᠣᠭᠠᠷ᠂ ᠭᠤᠣᠯ ᠠᠵᠢᠯ ᠤᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠨᠠᠩ ᠢᠯᠡ ᠲᠣᠳᠣ ᠣᠪᠣᠷ᠂ ᠨᠠᠩ ᠰᠢᠨ᠎ᠡ ᠶᠢ ᠡᠭᠦᠳᠬᠦ ᠣᠶᠢᠯᠠᠭᠠᠭᠳᠠᠬᠤᠨ᠂ ᠨᠠᠩ ᠴᠤᠭ ᠪᠠᠳᠠᠷᠠᠩᠭᠤᠶ ᠵᠣᠷᠢᠭ ᠰᠠᠨᠠᠭ᠎ᠠ᠂ ᠨᠠᠩ ᠬᠦᠴᠦᠨ ᠪᠦᠬᠦᠢ ᠠᠷᠭ᠎ᠠ ᠬᠡᠮᠵᠢᠶ᠎ᠡ ᠪᠠᠷ ᠡᠭᠦᠷᠭᠡ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠭᠦᠢᠴᠡᠳᠬᠡᠵᠦ᠂ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠪᠠ ᠮᠠᠯᠵᠢᠬᠤ ᠣᠷᠣᠨ ᠤ ᠣᠳᠣᠬᠢᠴᠢᠯᠠᠯᠲᠠ ᠶᠢᠨ ᠭᠤᠤᠯᠳᠠᠯᠭ᠎ᠠ ᠲᠠᠢ ᠡᠭᠦᠷᠭᠡ ᠶᠢ ᠪᠡᠶᠡᠯᠡᠭᠦᠯᠬᠦ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃
       ᠲᠡᠷᠡ ᠴᠢᠬᠤᠯᠠᠴᠢᠯᠠᠬᠤ ᠳᠠᠭᠠᠨ᠂ ᠰᠢᠨ᠎ᠡ ᠨᠢᠭᠡ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠤᠳᠤᠷᠢᠳᠬᠤ ᠪᠠᠭ ᠬᠤᠶᠢᠰᠢᠳᠠ ᠶᠢᠨ ᠬᠡᠰᠡᠭ ᠬᠤᠭᠤᠴᠠᠭᠠᠨ ᠤ ᠮᠠᠨ ᠤ ᠬᠤᠰᠢᠭᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠤᠨ ᠭᠤᠣᠯᠯᠠᠭᠴᠢ ᠬᠦᠴᠦᠨ ᠪᠣᠯᠤᠭᠰᠠᠨ ᠤ ᠬᠤᠪᠢ ᠳᠤ᠂ ᠲᠡᠦᠬᠡ ᠶᠢᠨ ᠰᠢᠨ᠎ᠡ ᠡᠬᠢᠯᠡᠯᠲᠡ ᠶᠢᠨ ᠴᠡᠭ ᠲᠤ ᠵᠣᠭᠰᠣᠨ᠂ ᠦᠨᠡᠨᠬᠦ ᠠᠳᠬᠤᠨ ᠪᠣᠳᠠᠲᠠᠶ ᠪᠠᠷ ᠠᠵᠢᠯᠯᠠᠵᠤ᠂ ᠡᠭᠦᠷᠭᠡ ᠲᠤᠰᠢᠶᠠᠯ ᠢᠶᠠᠨ ᠨᠠᠷᠢᠨ ᠬᠢᠨᠠᠮᠠᠭᠠᠶ ᠭᠦᠢᠴᠡᠳᠬᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠤᠨ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠬᠤ ᠬᠡᠷᠡᠭᠲᠡᠶ︔ ᠣᠶᠢᠯᠠᠭᠠᠯᠴᠠᠭ᠎ᠠ ᠪᠠᠨ ᠨᠡᠮᠡᠭᠳᠡᠭᠦᠯᠦᠨ᠂ ᠬᠠᠮᠵᠢᠯᠴᠠᠭ᠎ᠠ ᠪᠠᠨ ᠴᠢᠩᠭᠠᠳᠬᠠᠵᠤ᠂ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠯᠬᠦᠮᠳᠡᠨ ᠬᠠᠮᠲᠤ ᠪᠠᠷ ᠠᠵᠢᠯᠯᠠᠬᠤ ᠲᠠᠯ᠎ᠠ ᠪᠠᠷ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠶ ᠭᠡᠰᠡᠨ ᠪᠠᠶᠢᠨ᠎ᠠ᠃                       ᠤᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号