ᠪᠥᠬᠦ ᠤᠯᠤᠰ ᠤᠨ ᠰᠢᠯᠢᠳᠡᠭ ᠨᠠᠮ ᠤᠨ ᠠᠵᠢᠯ ᠤᠨ ᠠᠵᠢᠯᠲᠠᠨ ᠮᠢᠵᠢᠳᠳᠣᠷᠵᠢ᠄ ︽ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠣᠶ︾ ᠭᠡᠬᠦ ᠡᠷᠡᠰ ᠵᠣᠷᠢᠭ ᠪᠠ ᠬᠦᠴᠦᠨ ᠴᠢᠳᠠᠯ ᠢᠶᠠᠷ ᠨᠤᠲᠤᠭ ᠤᠰᠤᠨ ᠤ ᠪᠠᠨ ᠪᠥᠲᠥᠭᠡᠨ ᠪᠠᠶᠢᠭᠤᠯᠤᠯᠲᠠ ᠳᠤ ᠵᠠᠯᠠᠭᠤ ᠨᠠᠰᠤ ᠪᠠᠨ ᠵᠣᠷᠢᠭᠤᠯᠤᠨ᠎ᠠ
ᠨᠡᠶᠢᠲᠡᠯᠡᠭᠰᠡᠨ ᠴᠠᠭ᠄
2021/7/6
       ᠣᠶᠢᠷ᠎ᠠ ᠶᠢᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠲᠠᠰᠢᠷᠠᠮ ᠢᠶᠠᠷ᠂ ᠪᠥᠬᠦ ᠤᠯᠤᠰ ᠤᠨ ︽ᠬᠤᠶᠠᠷ ᠰᠢᠯᠢᠳᠡᠭ ᠨᠢᠭᠡ ᠲᠡᠷᠢᠭᠦᠨ︾ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠪᠤᠭᠳᠠᠵᠤ᠂ ᠮᠠᠨ ᠤ ᠬᠤᠰᠢᠭᠤᠨ ᠤ ᠬᠡᠷᠦᠯᠦᠨ ᠰᠤᠮᠤ ᠶᠢᠨ ᠮᠠᠩᠯᠠᠢ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ ᠮᠢᠵᠢᠳᠳᠣᠷᠵᠢ ︽ᠪᠥᠬᠦ ᠤᠯᠤᠰ ᠤᠨ ᠰᠢᠯᠢᠳᠡᠭ ᠨᠠᠮ ᠤᠨ ᠠᠵᠢᠯ ᠤᠨ ᠠᠵᠢᠯᠲᠠᠨ︾ ᠤ ᠢᠷᠠᠭᠤ ᠠᠯᠳᠠᠷ ᠢ ᠭᠥᠷᠳᠡᠭᠰᠡᠨ ᠪᠥᠭᠡᠳ ᠬᠥᠬᠢᠭᠦᠯᠦᠯ ᠭᠥᠷᠳᠡᠭᠰᠡᠨ ᠪᠠᠶᠢᠨ᠎ᠠ᠃ 7 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠦ ᠴᠤᠸᠠᠨ ᠱᠧᠨ ᠪᠦᠭᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠯᠠᠮᠵᠢᠯᠠᠯ ᠢ ᠡᠪᠦᠷᠯᠡᠵᠦ᠂ ᠮᠢᠵᠢᠳᠳᠣᠷᠵᠢ ᠶᠢ ᠪᠠᠶᠠᠷᠯᠠᠨ ᠤᠭᠲᠤᠵᠤ ᠪᠠᠶᠢᠭ᠎ᠠ ᠨᠢ᠃
               ᠦᠳᠡ ᠶᠢᠨ ᠡᠮᠦᠨᠡᠬᠢ 8 ᠴᠠᠭ ᠲᠤ᠂ ᠤᠯᠠᠨ ᠤ ᠬᠦᠰᠡᠨ ᠬᠦᠯᠢᠶᠡᠭᠰᠡᠨ ᠬᠠᠷᠠᠴᠠᠨ ᠳᠤ ᠪᠦᠬᠦ ᠤᠯᠤᠰ ᠤᠨ ᠰᠢᠯᠢᠳᠡᠭ ᠨᠠᠮ ᠤᠨ ᠠᠵᠢᠯ ᠤᠨ ᠠᠵᠢᠯᠳᠠᠨ ᠮᠢᠵᠢᠳᠳᠣᠷᠵᠢ ᠬᠥᠯᠥᠨ ᠪᠤᠶᠢᠷ ᠤᠨ ᠳ᠋ᠦᠩ ᠱᠠᠨ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠦᠷᠪᠡ᠃ ᠪᠦᠬᠦ ᠤᠯᠤᠰ ᠤᠨ ︽ᠬᠤᠶᠠᠷ ᠰᠢᠯᠢᠳᠡᠭ ᠨᠢᠭᠡ ᠲᠡᠷᠢᠭᠦᠨ︾ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠮᠢᠵᠢᠳᠳᠣᠷᠵᠢ ᠢᠷᠠᠭᠤ ᠠᠯᠳᠠᠷ ᠬᠦᠷᠲᠡᠵᠦ᠂ ᠡᠳᠦᠭᠡ ᠰᠡᠳᠬᠢᠯ ᠳᠣᠭᠳᠣᠯᠤᠭᠰᠠᠨ ᠰᠡᠳᠬᠢᠯᠭᠡ ᠪᠠᠨ ᠳᠠᠷᠤᠵᠤ ᠶᠠᠳᠠᠨ᠎ᠠ᠃ ᠮᠢᠵᠢᠳᠳᠣᠷᠵᠢ᠂ ᠰᠢᠨ᠎ᠡ ᠴᠠᠭ ᠦᠶ᠎ᠡ ᠶᠢᠨ ᠵᠠᠯᠠᠭᠤ ᠬᠦᠮᠦᠨ᠂ ᠨᠢᠭᠡᠨ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠲᠡᠭᠦᠨ ᠳᠤ ︽ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠣᠶ︾ ᠭᠡᠬᠦ ᠡᠷᠡᠰ ᠵᠣᠷᠢᠭ ᠪᠠ ᠬᠦᠴᠦᠨ ᠴᠢᠳᠠᠯ ᠲᠠᠢ᠂ ︽ᠨᠠᠮ ᠢᠶᠠᠨ ᠰᠠᠨᠠᠭ᠎ᠠ ᠠᠮᠤᠷ ᠪᠠᠶᠢᠯᠭᠠᠬᠤ︾ ᠢᠲᠡᠭᠡᠯ ᠵᠣᠷᠢᠭ ᠪᠠ ᠬᠠᠷᠢᠭᠤᠴᠠᠯᠭ᠎ᠠ ᠲᠠᠢ ᠪᠥᠭᠡᠳ ᠨᠠᠮ ᠤᠨ ᠬᠦᠰᠡᠯ ᠨᠠᠶᠢᠳᠠᠯᠭ᠎ᠠ ᠶᠢ ᠡᠭᠦᠷᠢᠳᠡ ᠪᠠᠲᠤ ᠴᠡᠭᠡᠵᠢᠯᠡᠵᠦ᠂ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠨ᠎ᠠ᠃ ᠦᠨᠳᠦᠰᠦᠨ ᠱᠠᠲᠤᠨ ᠤ ᠠᠵᠢᠯ ᠤᠨ ᠳᠤᠮᠳᠠ ᠥᠪᠡᠷ ᠤᠨ ᠬᠦᠴᠦᠨ ᠴᠢᠳᠠᠯ ᠢᠶᠠᠨ ᠡᠷᠭᠦᠵᠦ᠂ ᠨᠤᠲᠤᠭ ᠤᠰᠤᠨ ᠤ ᠪᠠᠨ ᠪᠦᠳᠦᠭᠡᠨ ᠪᠠᠶᠢᠭᠤᠯᠤᠯᠲᠠ ᠳᠤ ᠥᠪᠡᠷ ᠤᠨ ᠵᠠᠯᠠᠭᠤ ᠨᠠᠰᠤ ᠪᠠᠨ ᠵᠣᠷᠢᠭᠤᠯᠤᠨ᠎ᠠ᠃ ᠴᠠᠭ ᠦᠶ᠎ᠡ ᠳᠤ ᠣᠰᠣᠯᠳᠠᠬᠤ ᠦᠭᠡᠢ᠂ ᠵᠠᠯᠠᠭᠤ ᠨᠠᠰᠤᠨ ᠳᠤ ᠪᠠᠨ ᠣᠰᠣᠯᠳᠠᠬᠤ ᠦᠭᠡᠢ᠂ ᠨᠠᠮ ᠪᠠ ᠠᠷᠠᠳ ᠲᠦᠮᠡᠨ ᠤ ᠴᠢᠩ ᠰᠡᠳᠬᠢᠯ ᠤᠨ ᠬᠦᠰᠡᠯ ᠡᠷᠡᠮᠡᠯᠵᠡᠯ ᠳᠤ ᠣᠰᠣᠯᠳᠠᠬᠤ ᠦᠭᠡᠢ ᠭᠡᠵᠦ ᠬᠡᠯᠡᠪᠡ᠃
               ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ᠄ ︽ᠢᠷᠡᠭᠡᠳᠦᠢ ᠪᠣᠯ ᠵᠠᠯᠠᠭᠤᠴᠤᠳ ᠤᠨ ᠬᠢ ᠶᠤᠮ᠂ ᠬᠦᠰᠡᠯ ᠡᠷᠡᠮᠡᠯᠵᠡᠯ ᠢᠶᠠᠨ ᠵᠠᠯᠠᠭᠤᠴᠤᠳ ᠲᠤ ᠨᠠᠶᠢᠳᠠᠵᠤ ᠪᠠᠶᠢᠨ᠎ᠠ᠃ ᠵᠠᠭᠤᠨ ᠵᠢᠯ ᠤᠨ ᠡᠮᠦᠨ᠎ᠡ᠂ ᠨᠢᠭᠡ ᠪᠦᠯᠦᠭ ᠰᠢᠨ᠎ᠡ ᠵᠠᠯᠠᠭᠤᠴᠤᠳ ᠮᠠᠷᠺᠰ ᠤᠨ ᠦᠵᠡᠯ ᠤᠨ ᠦᠵᠡᠯ ᠰᠠᠨᠠᠭᠠᠨ ᠤ ᠭᠠᠯ ᠪᠠᠮᠪᠠᠷ ᠢ ᠥᠨᠳᠥᠷ ᠮᠠᠨᠳᠤᠭᠤᠯᠵᠤ᠂ ᠰᠠᠯᠬᠢ ᠪᠣᠷᠣᠭᠠᠨ ᠪᠦᠷᠬᠦᠭᠰᠡᠨ ᠳᠤᠮᠳᠠᠳᠤ ᠤᠯᠤᠰ ᠲᠤ ᠦᠨᠳᠦᠰᠦᠲᠡᠨ ᠤ ᠰᠡᠷᠭᠦᠨ ᠮᠠᠨᠳᠤᠯᠲᠠ ᠶᠢᠨ ᠢᠷᠡᠭᠡᠳᠦᠢ ᠶᠢ ᠰᠢᠷᠭᠠᠭᠤ ᠬᠠᠲᠠᠭᠤᠵᠢᠯᠲᠠᠢ ᠪᠠᠷ ᠡᠷᠢᠯᠬᠢᠯᠡᠪᠡ᠃ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠭ ᠤᠨ ᠳᠣᠣᠷ᠎ᠠ᠂ ᠦᠶ᠎ᠡ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠵᠠᠯᠠᠭᠤ ᠨᠠᠰᠤᠨ ᠤ ᠲᠡᠮᠡᠴᠡᠯ ᠢᠶᠠᠨ ᠨᠠᠮ ᠪᠣᠯᠤᠨ ᠠᠷᠠᠳ ᠲᠦᠮᠡᠨ ᠤ ᠦᠢᠯᠡᠰ ᠲᠤ ᠠᠭᠤᠰᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠤᠰᠢᠭᠤᠴᠢ ᠬᠦᠴᠦᠨ ᠪᠣᠯᠤᠭᠰᠠᠨ ᠪᠠᠶᠢᠨ᠎ᠠ︾ ᠭᠡᠵᠦ ᠵᠢᠭᠠᠵᠤ ᠭᠠᠷᠭᠠᠪᠠ᠃
               ᠮᠢᠵᠢᠳᠳᠣᠷᠵᠢ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ᠂ ᠵᠠᠯᠠᠭᠤ ᠺᠠᠳ᠋ᠷ ᠪᠣᠯᠤᠭᠰᠠᠨ ᠤ ᠬᠤᠪᠢ ᠳᠤ᠂ ︽ᠵᠠᠯᠠᠭᠤ ᠨᠠᠰᠤᠨ ᠤ ᠲᠡᠮᠡᠴᠡᠯ ᠢᠶᠠᠨ ᠨᠠᠮ ᠪᠣᠯᠤᠨ ᠠᠷᠠᠳ ᠲᠦᠮᠡᠨ ᠤ ᠦᠢᠯᠡᠰ ᠲᠤ ᠠᠭᠤᠰᠤᠯᠴᠠᠭᠤᠯᠬᠤ︾ ᠪᠣᠯ ᠲᠡᠭᠦᠨ ᠤ ᠮᠠᠯᠵᠢᠬᠤ ᠣᠷᠣᠨ ᠳᠤ ᠠᠵᠢᠯᠯᠠᠵᠤ ᠪᠠᠶᠢᠭ᠎ᠠ ᠶᠢᠨ ᠦᠨᠡᠨ ᠪᠣᠳᠠᠲᠠᠢ ᠵᠢᠷᠤᠭᠯᠠᠯ ᠪᠣᠯᠤᠨ᠎ᠠ᠃ 2012 ᠣᠨ ᠳᠤ᠂ ᠮᠢᠵᠢᠳᠳᠣᠷᠵᠢ ᠬᠡᠷᠦᠯᠦᠨ ᠰᠤᠮᠤ ᠶᠢᠨ ᠮᠠᠩᠯᠠᠢ ᠭᠠᠴᠠᠭ᠎ᠠ ᠶᠢᠨ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠬᠠᠷᠢᠭᠤᠴᠠᠭᠰᠠᠨ ᠠᠴᠠ ᠨᠠᠰᠢ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠮᠠᠯᠴᠢᠳ ᠲᠤ ᠦᠢᠯᠡᠴᠢᠯᠡᠵᠦ᠂ ᠤᠯᠠᠨ ᠵᠢᠯ ᠤᠨ ᠲᠤᠷᠰᠢ᠂ ᠮᠠᠩᠯᠠᠢ ᠭᠠᠴᠠᠭ᠎ᠠ ᠶᠠᠳᠠᠭᠤ ᠠᠴᠠ ᠠᠩᠭᠢᠵᠢᠷᠠᠭᠰᠠᠨ ᠢᠶᠠᠷ ᠪᠠᠷᠠᠬᠤ ᠦᠭᠡᠢ ᠪᠠᠰᠠ ᠭᠠᠴᠠᠭᠠᠨ ᠤ ᠮᠠᠯᠴᠢᠳ ᠢ ᠲᠩᠷᠢ ᠶᠢᠨ ᠴᠢᠷᠠᠢ ᠶᠢ ᠬᠠᠷᠠᠵᠤ ᠮᠠᠯ ᠲᠡᠵᠢᠭᠡᠬᠦ᠂ ᠳ᠋ᠠᠩ ᠴᠣᠯᠭᠤᠢ ᠮᠠᠯᠵᠢᠬᠤ ᠦᠢᠯᠡᠳᠪᠦᠷᠢᠯᠡᠯ ᠡᠵᠡᠩᠨᠡᠯᠲᠡ ᠶᠢᠨ ᠵᠠᠭᠪᠤᠷ ᠠᠴᠠ ᠰᠠᠯᠭᠠᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠪᠦᠲᠦᠮᠵᠢᠲᠡᠢ ᠲᠠᠶᠢᠴᠢᠯᠠᠵᠠᠢ᠃ 2019 ᠣᠨ ᠳᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠳᠤᠬᠡᠨ ᠪᠠᠶᠢᠭᠤᠯᠤᠯᠲᠠ ᠶᠢᠨ ᠡᠷᠴᠢᠨ ᠳᠡᠭᠡᠷ᠎ᠡ᠂ ᠮᠢᠵᠢᠳᠳᠣᠷᠵᠢ ᠭᠠᠴᠠᠭᠠᠨ ᠤ ᠮᠠᠯᠴᠢᠳ ᠢᠶᠠᠨ ᠳᠠᠭᠠᠭᠤᠯᠤᠨ ᠮᠠᠩᠯᠠᠢ ᠭᠠᠴᠠᠭ᠎ᠠ ᠶᠢᠨ ᠮᠠᠯᠵᠢᠯ ᠤᠨ ᠲᠤᠰᠬᠠᠢ ᠬᠤᠷᠰᠢᠶᠠᠵᠢᠯ ᠢ ᠡᠩ ᠲᠡᠷᠢᠭᠦᠨ ᠳᠤ ᠪᠠᠶᠢᠭᠤᠯᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠲᠠᠯ᠎ᠠ ᠨᠤᠲᠤᠭ ᠢ ᠨᠣᠭᠤᠭᠠᠷᠠᠭᠤᠯᠬᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠳᠤᠬᠡᠨ ᠪᠠᠶᠢᠭᠤᠯᠤᠯᠲᠠ ᠶᠢᠨ ᠰᠠᠷᠠᠭᠤᠯ ᠳᠠᠷᠳᠠᠩ ᠵᠠᠮ ᠢᠶᠠᠷ ᠵᠠᠮᠨᠠᠭᠰᠠᠨ ᠪᠠᠶᠢᠨ᠎ᠠ᠃
                                        ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号