ᠮᠠᠨ ᠤ ᠬᠤᠰᠢᠭᠤ ︽ᠨᠠᠮ ᠤᠨ ᠮᠠᠭᠳᠠᠭᠤ︾ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠺᠠᠳ᠋ᠷ ᠣᠯᠠᠨ ᠲᠦᠮᠡᠨ ᠤ ᠨᠠᠶᠢᠷᠠᠯ ᠳᠠᠭᠤᠤ ᠶᠢᠨ ᠤᠷᠤᠯᠳᠤᠭᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2021/7/6
     ᠤᠶᠢᠷ᠎ᠠ ᠶᠢᠨ ᠡᠳᠦᠷ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠭᠤᠤᠯᠯᠠᠨ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠵᠦ᠂ ᠬᠤᠰᠢᠭᠤᠨ ᠤ ᠰᠣᠶᠣᠯ ᠤᠨ ᠣᠷᠳᠣᠨ᠂ ᠨᠣᠮ ᠤᠨ ᠰᠠᠩ᠂ ᠤᠯᠠᠭᠠᠨᠮᠥ᠋ᠴᠢᠷ᠂ ᠬᠠᠮ ᠵᠠᠭᠤᠴᠢᠯᠠᠭᠤᠷ ᠤᠨ ᠲᠥᠪ ᠠᠴᠠ ᠬᠠᠮᠵᠢᠨ ᠡᠷᠭᠢᠯᠡᠭᠰᠡᠨ ᠰᠢᠨ᠎ᠡ ᠪᠠᠷᠭᠤ ᠪᠠᠷᠠᠭᠤᠨ ᠬᠤᠰᠢᠭᠤᠨ ᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠺᠠᠳ᠋ᠷ ᠣᠯᠠᠨ ᠲᠦᠮᠡᠨ ᠤ ᠨᠠᠶᠢᠷᠠᠯ ᠳᠠᠭᠤᠤ ᠶᠢᠨ ᠤᠷᠤᠯᠳᠤᠭᠠᠨ ᠤᠶᠢᠷ᠎ᠠ ᠶᠢᠨ ᠡᠳᠦᠷ ᠬᠤᠰᠢᠭᠤᠨ ᠤ ᠦᠨᠳᠦᠰᠦᠲᠡᠨ ᠤ ᠰᠣᠶᠣᠯ ᠤᠨ ᠲᠥᠪ ᠤᠨ ᠨᠢᠭᠡᠳᠦᠭᠡᠷ ᠳᠠᠪᠬᠤᠷᠭ᠎ᠠ ᠶᠢᠨ ᠮᠡᠳᠡᠭᠦᠯᠦᠯᠲᠡ ᠶᠢᠨ ᠲᠢᠩᠬᠢᠮ ᠳᠤ ᠶᠠᠪᠤᠭᠳᠠᠪᠠ᠃ ᠬᠤᠳᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠬᠤᠶᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠬᠤᠳᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ ᠤᠨ ᠤᠤᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠬᠠᠰ ᠤᠷᠢᠯᠭ᠎ᠠ ᠪᠠᠷ ᠤᠷᠤᠯᠳᠤᠭᠠᠨ ᠢ ᠰᠣᠨᠢᠷᠬᠠᠪᠠ᠃ ᠬᠤᠰᠢᠭᠤᠨ ᠤ ᠤᠳᠤᠷᠢᠳᠤᠯᠭ᠎ᠠ ᠪᠦᠬᠡᠪᠠᠶᠠᠷ᠂ ᠳᠡᠮᠡᠴᠡᠯ᠂ ᠶᠢᠨ ᠨᠠᠰᠤᠨ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠪᠥᠬᠦ ᠬᠤᠰᠢᠭᠤᠨ ᠤ ᠺᠠᠳ᠋ᠷ ᠠᠵᠢᠯᠲᠠᠳ ᠲᠠᠢ ᠬᠠᠮᠲᠤ ᠠᠵᠢᠯᠯᠠᠭ᠎ᠠ ᠳᠤ ᠣᠷᠣᠯᠴᠠᠵᠠᠶ᠃
            ᠤᠷᠤᠯᠳᠤᠭᠠᠨ ᠨᠢ ︽ᠡᠪ ᠬᠠᠮᠲᠤ ᠨᠠᠮ ᠥᠬᠡᠶ ᠪᠣᠯ ᠰᠢᠨ᠎ᠡ ᠳᠤᠮᠳᠠᠳᠤ ᠤᠯᠤᠰ ᠥᠬᠡᠶ︾ ᠭᠡᠬᠦ ᠳᠠᠭᠤᠤ ᠶᠢᠨ ᠳᠤᠮᠳᠠ ᠬᠥᠰᠢᠭᠡ ᠪᠠᠨ ᠰᠡᠬᠦᠪᠡ᠃ ᠵᠠᠭᠤᠨ ᠵᠢᠯ ᠤᠨ ᠰᠠᠯᠬᠢ ᠪᠣᠷᠣᠭᠠᠨ ᠢ ᠲᠤᠭᠤᠯᠵᠦ᠂ ᠠᠭᠤᠯᠠ ᠤᠰᠤ ᠶᠢ ᠳᠣᠩᠰᠣᠯᠭᠠᠭᠰᠠᠨ ᠠᠤᠭ᠎ᠠ ᠠᠶᠠᠰ ᠢ ᠪᠢᠴᠢᠭᠯᠡᠨ᠎ᠡ︔ ᠵᠠᠭᠤᠨ ᠵᠢᠯ ᠤᠨ ᠯᠤᠲᠤ ᠶᠡᠭᠡ ᠬᠤᠪᠢᠷᠠᠯᠲᠠ ᠨᠢ ᠰᠦᠷ ᠵᠢᠪᠬᠤᠯᠠᠩᠲᠤ ᠳᠠᠭᠤᠯᠠᠯ ᠢ ᠴᠢᠪᠬᠠᠳᠠᠨ᠎ᠠ᠃ 21 ᠲᠥᠯᠥᠭᠡᠯᠡᠭᠴᠢᠳ ᠤᠨ ᠠᠩᠭᠢ ᠳᠡᠰ ᠳᠠᠷᠠᠭᠠᠯᠠᠯ ᠢᠶᠠᠷ ᠢᠶᠠᠨ ᠲᠠᠶᠢᠰᠠᠨ ᠳᠤ ᠭᠠᠷᠴᠤ᠂ ᠡᠪ ᠬᠠᠮᠳᠦ ᠨᠠᠮ᠂ ᠡᠬᠡ ᠤᠷᠤᠨ᠂ ᠨᠤᠲᠤᠭ ᠤᠰᠤ ᠪᠠᠨ ᠬᠠᠶᠢᠷᠠᠯᠠᠬᠤ ᠰᠡᠳᠬᠢᠯᠭᠡ ᠪᠠᠨ ᠢᠷᠠᠭᠤ ᠰᠠᠶᠢᠬᠠᠨ ᠳᠠᠭᠤᠤ ᠶᠢᠨ ᠠᠶᠠᠰ ᠲᠤ ᠠᠭᠤᠰᠬᠠᠭᠰᠠᠨ ᠪᠠᠶᠢᠨ᠎ᠠ᠃ ︽ᠴᠢᠯᠥᠭᠡᠯᠡᠭᠳᠡᠭᠰᠡᠨ ᠣᠷᠣᠨ ᠤ ᠲᠩᠷᠢ︾᠂ ︽ᠮᠠᠯᠴᠢᠳ ᠡᠪ ᠬᠠᠮᠲᠤ ᠨᠠᠮ ᠢᠶᠠᠨ ᠳᠠᠭᠤᠯᠠᠨ᠎ᠠ︾᠂ ︽ᠪᠢᠳᠠ ᠳᠠᠷᠳᠠᠩ ᠵᠠᠮ ᠢᠶᠠᠷ ᠵᠠᠮᠨᠠᠨ᠎ᠠ︾᠂ ︽ᠮᠠᠭᠲᠠᠭᠠᠯ ᠳᠠᠭᠤᠤ︾ ᠵᠡᠷᠭᠡ ᠤᠯᠠᠨ ᠤ ᠪᠠᠭ᠋ᠠᠷᠬᠠᠯ ᠢ ᠲᠠᠲᠠᠭᠰᠠᠨ ᠬᠤᠪᠢᠰᠬᠠᠯᠲᠤ ᠳᠠᠭᠤᠤ ᠨᠤᠭᠤᠳ ᠨᠠᠮ ᠪᠣᠯᠤᠨ ᠤᠯᠤᠰ ᠲᠤ  ᠪᠠᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠᠨ ᠨᠢᠭᠡᠳ ᠨᠢᠭᠡ ᠪᠠᠷ ᠢᠯᠡᠳᠬᠡᠵᠦ᠂ ᠰᠢᠨ᠎ᠡ ᠴᠠᠭ ᠦᠶ᠎ᠡ ᠶᠢᠨ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠤ ᠴᠥᠬᠦᠷᠡᠰᠢ ᠥᠬᠡᠶ ᠲᠡᠮᠡᠴᠡᠬᠦ ᠳᠦᠷᠢ ᠪᠠᠶᠢᠳᠠᠯ ᠢ ᠢᠯᠡᠷᠡᠬᠦᠯᠦᠨ᠂ ᠨᠠᠮ ᠤᠨ ᠦᠭᠡ ᠶᠢ ᠰᠤᠨᠤᠰᠬᠤ᠂ ᠨᠠᠮ ᠤᠨ ᠠᠴᠢ ᠶᠢ ᠮᠡᠳᠡᠷᠡᠬᠦ᠂ ᠨᠠᠮ ᠢᠶᠠᠨ ᠳᠠᠭᠠᠬᠤ ᠴᠠᠭ ᠦᠶ᠎ᠡ ᠶᠢᠨ ᠭᠤᠤᠯ ᠬᠥᠭ ᠠᠶᠠᠰ ᠢ ᠴᠢᠪᠬᠠᠳᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠤ ᠨᠠᠮ ᠤᠨ ᠤᠳᠤᠷᠢᠳᠤᠯᠭ᠎ᠠ ᠳᠣᠤᠷ᠎ᠠ ᠬᠦᠴᠦ ᠰᠡᠳᠬᠢᠯ ᠨᠢᠭᠡᠳᠦᠨ᠂ ᠡᠷᠡᠮᠡᠬᠡᠶᠢᠯᠡᠨ ᠤᠷᠤᠭᠰᠢᠯᠠᠬᠤ ᠵᠣᠷᠢᠭ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ᠨᠠᠮ ᠪᠠ ᠡᠬᠡ ᠤᠯᠤᠰ ᠲᠠᠭᠠᠨ ᠰᠠᠶᠢᠨ ᠰᠠᠶᠢᠬᠠᠨ ᠢᠷᠥᠭᠡᠯ ᠵᠥᠩᠨᠡᠯ ᠢᠶᠠᠨ ᠤᠶᠠᠩᠭᠠᠯᠠᠵᠤ᠂ ᠬᠠᠩᠭᠢᠨᠠᠮ᠎ᠠ ᠰᠠᠶᠢᠬᠠᠨ ᠳᠠᠭᠤᠤ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠳᠤ ᠪᠡᠯᠡᠭ ᠬᠦᠷᠭᠡᠪᠡ᠃
             ᠤᠷᠤᠯᠳᠤᠭᠠᠨ ᠤ ᠲᠤᠬᠠᠶ ᠶᠢᠨ ᠳᠠᠯᠠᠪᠤᠷ ᠲᠤ᠂ ᠤᠷᠤᠯᠳᠤᠭᠠᠨ ᠳᠤ ᠣᠷᠣᠯᠴᠠᠬᠤ ᠡᠯ᠎ᠡ ᠠᠩᠬᠢ ᠶᠢᠨ ᠬᠢᠨ  ᠳᠠᠭᠠᠭᠤᠯᠵᠦ ᠳᠠᠭᠤᠯᠠᠬᠤ᠂ ᠬᠠᠮᠳᠦ ᠪᠠᠷ ᠳᠠᠭᠤᠯᠠᠬᠤ ᠵᠡᠷᠭᠡ ᠣᠯᠠᠨ ᠵᠦᠢᠯ ᠤᠨ ᠲᠣᠭᠯᠠᠯᠲᠠ ᠶᠢᠨ ᠬᠡᠯᠪᠡᠷᠢ ᠪᠠᠷ ᠨᠠᠶᠢᠷᠠᠯ ᠳᠠᠭᠤᠤ ᠪᠠᠨ ᠳᠠᠭᠤᠯᠠᠵᠦ᠂ ᠳᠠᠭᠤᠤ ᠪᠠ ᠬᠤᠪᠴᠠᠰᠤ ᠵᠠᠰᠠᠯ ᠤᠨ ᠥᠩᠭᠡ ᠪᠤᠳᠤᠭ ᠤᠨ ᠲᠡᠭᠦᠯᠳᠡᠷ ᠰᠠᠶᠢᠬᠠᠨ ᠤᠶᠠᠯᠳᠤᠯ᠂ ᠰᠢᠯᠦᠭ ᠤᠶᠠᠩᠭᠠᠯᠠᠯ᠂ ᠬᠥᠭᠵᠢᠮ ᠤᠨ ᠬᠤᠪᠢᠷᠠᠭᠤᠯᠤᠯᠲᠠ ᠪᠠ ᠪᠦᠲᠦᠭᠡᠯᠴᠢ ᠰᠡᠳᠬᠢᠮᠵᠢ ᠪᠠᠷ ᠤᠷᠤᠯᠳᠤᠭᠠᠨ ᠳᠤ ᠤᠯᠠᠨ ᠬᠢᠯᠠᠰ ᠴᠡᠭ ᠨᠡᠮᠡᠷᠢᠯᠡᠵᠦ᠂ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠳᠠᠭᠤᠤ ᠨᠤᠭᠤᠳ ᠢᠶᠠᠷ ᠲᠣᠭᠯᠠᠯᠲᠠ ᠶᠢ ᠤᠳᠠᠭ᠎ᠠ ᠳᠠᠷᠠᠭᠠᠯᠠᠨ ᠤᠷᠬᠢᠯ ᠳᠤᠨᠢ ᠬᠦᠷᠭᠡᠵᠦ᠂ ᠲᠤᠬᠠᠢ ᠶᠢᠨ ᠳᠠᠯᠠᠪᠤᠷ ᠤᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ᠂ ᠵᠠᠰᠠᠭ ᠤᠨ ᠣᠷᠳᠣᠨ ᠤ ᠠᠯᠪᠠᠨ ᠬᠡᠷ ᠵᠡᠷᠭᠡ 9 ᠨᠢᠭᠡᠴᠡ ᠶᠢᠨ ᠬᠠᠮᠲᠤᠷᠠᠭᠰᠠᠨ ᠠᠩᠭᠢ ᠵᠢᠴᠢ ᠭᠡᠷᠦᠯᠦᠨ ᠨᠡᠶᠢᠭᠡᠮ ᠲᠣᠭᠤᠷᠢᠭ ᠤᠨ ᠠᠩᠭᠢ ᠲᠡᠷᠢᠬᠦᠨ ᠱᠠᠩᠨᠠᠯ ᠢ ᠭᠥᠷᠳᠡᠪᠡ︔ ᠠᠷᠠᠳ ᠤᠨ ᠪᠠᠭᠰᠢ ᠶᠢᠨ ᠠᠩᠭᠢ᠂ ᠲᠡᠯᠡᠶ ᠰᠤᠮᠤ ᠶᠢᠨ ᠠᠩᠭᠢ᠂ ᠤᠬᠠᠭᠤᠯᠭ᠎ᠠ ᠶᠢᠨ ᠰᠢᠰᠲ᠋ᠧᠮ ᠤᠨ ᠠᠩᠭᠢ᠂ ᠤᠷᠲᠤ ᠶᠢᠨ ᠳᠠᠭᠤᠨ ᠤ ᠨᠡᠶᠢᠭᠡᠮᠯᠢᠭ ᠤᠨ ᠠᠩᠭᠢ ᠬᠤᠶᠠᠳᠤᠭᠠᠷ ᠳᠡᠰ ᠤᠨ ᠱᠠᠩᠨᠠᠯ ᠭᠥᠷᠳᠡᠪᠡ︔ ᠣᠶ ᠰᠢᠭᠤᠶ ᠨᠤᠲᠤᠭ ᠪᠡᠯᠴᠢᠭᠡᠷ ᠠᠮᠢ ᠠᠬᠤᠶ ᠣᠷᠴᠢᠨ ᠳᠤᠭᠤᠷᠢᠨ  ᠤ ᠠᠩᠭᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠯᠤᠰ ᠲᠥᠷᠥ ᠶᠢᠨ ᠵᠥᠪᠯᠡᠯᠭᠡᠨ ᠤ ᠠᠩᠭᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠩᠭᠢ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠩᠭᠢ᠂ ᠪᠤᠶᠢᠷ ᠰᠤᠮᠤ ᠶᠢᠨ ᠠᠩᠭᠢ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ ᠪᠤᠰᠤᠳ ᠲᠥᠯᠥᠭᠡᠯᠡᠭᠴᠢᠳ ᠤᠨ ᠠᠩᠭᠢ ᠰᠢᠯᠢᠳᠡᠭ ᠱᠠᠩᠨᠠᠯ᠂ ᠵᠣᠬᠢᠶᠠᠨ ᠪᠠᠶᠢᠭᠤᠯᠤᠯᠲᠠ ᠶᠢᠨ ᠱᠠᠩᠨᠠᠯ᠂ ᠬᠠᠮᠲᠤ ᠨᠡᠶᠢᠲᠡ ᠶᠢᠨ ᠱᠠᠩᠨᠠᠯ᠂ ᠳᠦᠷᠰᠦ ᠪᠦᠲᠦᠭᠡᠯᠲᠡ ᠶᠢᠨ ᠱᠠᠩᠨᠠᠯ᠂ ᠳᠤᠭᠯᠠᠯᠳᠠ ᠶᠢᠨ ᠬᠡᠪ ᠨᠠᠮᠪᠠ ᠶᠢᠨ ᠱᠠᠩᠨᠠᠯ ᠪᠠ ᠬᠠᠮᠤᠭ ᠰᠢᠯᠢᠳᠡᠭ ᠲᠣᠭᠯᠠᠯᠲᠠ ᠶᠢᠨ ᠱᠠᠩᠨᠠᠯ ᠢ ᠲᠤᠰ ᠲᠤᠰ ᠬᠦᠷᠲᠡᠪᠡ᠃       ᠲᠣᠰ ᠤᠳᠠᠭᠠᠨ ᠤ ᠠᠵᠢᠯᠯᠠᠭ᠎ᠠ ᠪᠣᠯ ᠮᠠᠨ ᠤ ᠬᠤᠰᠢᠭᠤᠨ ᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠦᠬᠦ ᠬᠤᠰᠢᠭᠤᠨ ᠤ ᠨᠠᠮ ᠤᠨ ᠭᠡᠰᠢᠭᠦᠨ ᠺᠠᠳ᠋ᠷ ᠤᠭ ᠦᠨᠳᠦᠰᠦ ᠶᠢ ᠨᠢ ᠡᠷᠢᠵᠦ ᠨᠠᠮ ᠤᠨ ᠲᠡᠦᠬᠡ ᠶᠢ ᠰᠤᠷᠤᠯᠴᠠᠬᠤ ᠶᠢ ᠪᠠᠷᠢᠮᠲᠠᠯᠠᠵᠤ᠂ ᠤᠭ ᠦᠨᠳᠦᠰᠦ ᠪᠠᠨ ᠪᠠᠬᠢᠵᠢᠬᠦᠯᠦᠨ ᠦᠵᠡᠯ ᠰᠠᠨᠠᠭ᠎ᠠ ᠪᠠᠨ ᠰᠡᠭᠡᠭᠡᠷᠡᠬᠦᠯᠵᠦ᠂ ᠠᠷᠠᠳ ᠲᠦᠮᠡᠨ ᠳᠤ ᠦᠢᠯᠡᠴᠢᠯᠡᠨ ᠪᠣᠳᠠᠲᠤ ᠶᠠᠪᠤᠳᠠᠯ ᠬᠢᠵᠦ᠂ ᠲᠡᠷᠢᠭᠦᠨ ᠤ ᠬᠢ ᠶᠢ ᠲᠡᠮᠡᠴᠡᠨ ᠰᠢᠨ᠎ᠡ ᠪᠠᠶᠢᠳᠠᠯ ᠢ ᠨᠡᠭᠡᠭᠡᠬᠦ ᠪᠠᠷ ᠮᠡᠷᠡᠶᠢᠨ ᠴᠢᠷᠮᠠᠶᠢᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠶ ᠳᠤ ᠰᠠᠭᠤᠷᠢᠯᠠᠨ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠢ ᠢᠳᠡᠪᠬᠢᠲᠡᠶ ᠥᠷᠨᠢᠭᠦᠯᠦᠨ᠂ ᠭᠤᠤᠯ ᠰᠡᠳᠦᠪ ᠢᠯᠡ ᠲᠣᠳᠣ᠂ ᠪᠠᠶᠠᠯᠢᠭ ᠰᠠᠶᠢᠬᠠᠨ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠭᠤᠤᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠬᠦᠴᠦᠲᠡᠶ ᠪᠥᠭᠡᠳ ᠡᠮᠬᠢ ᠵᠢᠷᠤᠮ ᠲᠠᠢ ᠪᠠᠷ ᠳᠥᠯᠭᠢᠨ ᠠᠬᠢᠭᠤᠯᠵᠠᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠲᠡᠦᠬᠡ ᠶᠢ ᠰᠤᠷᠤᠯᠴᠠᠵᠤ ᠶᠣᠰᠣ ᠤᠴᠢᠷ ᠢ ᠣᠶᠢᠯᠠᠭᠠᠵᠤ᠂ ᠲᠡᠦᠬᠡ ᠶᠢ ᠰᠤᠷᠤᠯᠴᠠᠵᠤ ᠢᠳᠡᠭᠡᠯ ᠢᠶᠠᠨ ᠨᠡᠮᠡᠭᠳᠡᠭᠦᠯᠵᠦ᠂ ᠲᠡᠦᠬᠡ ᠶᠢ ᠰᠤᠷᠤᠯᠴᠠᠵᠤ ᠶᠣᠰᠣ ᠰᠤᠷᠲᠠᠬᠤᠨ ᠢ ᠡᠷᠬᠢᠮᠯᠡᠨ᠂ ᠲᠡᠦᠬᠡ ᠶᠢ ᠰᠤᠷᠤᠯᠴᠠᠵᠤ ᠴᠢᠷᠮᠠᠶᠢᠨ ᠬᠡᠷᠡᠭᠵᠢᠭᠦᠯᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠳᠠᠪᠲᠠᠨ ᠪᠣᠯᠪᠠᠰᠤᠷᠠᠭᠤᠯᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢᠶᠠᠨ ᠨᠢᠭᠲᠠᠷᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠤᠨ ᠪᠦᠬᠦ ᠲᠠᠯ᠎ᠠ ᠶᠢᠨ ᠲᠠᠪᠰᠢᠯᠳᠠ ᠶᠢ ᠬᠦᠴᠦᠯᠡᠨ ᠠᠬᠢᠭᠤᠯᠪᠠ᠃                         ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号