ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠲᠠ ᠪᠠᠯᠭᠠᠰᠦ ᠶᠢᠨ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ︵ᠲᠦᠯᠦᠪᠯᠡᠭᠡ︶ ᠠᠴᠠ ᠬᠡᠲᠦᠷᠡᠭᠰᠡᠨ ᠢ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠤᠨ ᠬᠡᠷᠡᠭᠵᠢᠭᠦᠯᠬᠦ ᠲᠥᠰᠦᠯ ᠢ ᠵᠥᠪᠰᠢᠶᠡᠷᠡᠭᠰᠡᠨ ᠲᠤᠬᠠᠶ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2021/7/6
       ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠲᠠ ᠪᠠᠯᠭᠠᠰᠦ ᠶᠢᠨ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ︵ᠲᠦᠯᠦᠪᠯᠡᠭᠡ︶ ᠠᠴᠠ ᠬᠡᠲᠦᠷᠡᠭᠰᠡᠨ ᠢ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠤᠨ ᠬᠡᠷᠡᠭᠵᠢᠭᠦᠯᠬᠦ ᠲᠥᠰᠦᠯ ᠢ ᠵᠥᠪᠰᠢᠶᠡᠷᠡᠭᠰᠡᠨ ᠲᠤᠬᠠᠶ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ                                                   ᠰᠢᠨ᠎ᠡ ᠪᠠᠷᠠᠭᠤᠨ ᠵᠠᠰᠠᠭ ᠦᠰᠦᠭ ﹇2021﹈ 59 ᠳ᠋ᠤᠭᠡᠷ ᠲᠣᠭᠠᠲᠤ    ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ᠄        ᠲᠠᠨ ᠤ ᠨᠢᠭᠡᠴᠡ ᠶᠢᠨ ︽︿ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠲᠠ ᠪᠠᠯᠭᠠᠰᠦ ᠶᠢᠨ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ︵ᠲᠥᠯᠥᠪᠯᠡᠭᠡ︶ ᠠᠴᠠ ᠬᠡᠲᠦᠷᠡᠭᠰᠡᠨ ᠢ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠤᠨ ᠬᠡᠷᠡᠭᠵᠢᠭᠦᠯᠬᠦ ᠲᠥᠰᠦᠯ﹀ ᠢ ᠲᠤᠰᠢᠶᠠᠬᠤ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠰᠢᠨ᠎ᠡ ᠪᠠᠷᠠᠭᠤᠨ ᠬᠦᠭᠵᠢᠬᠦᠯᠦᠯᠳᠡ ᠥᠭᠡᠷᠡᠴᠢᠯᠡᠯᠲᠡ ᠲᠠᠷᠬᠠᠭᠠᠭᠰᠠᠨ ﹇2021﹈ 42 ᠳ᠋ᠤᠭᠠᠷ ᠲᠣᠭᠠᠲᠤ︶ ᠶᠢ ᠨᠢᠭᠡᠨᠲᠡ ᠬᠤᠷᠢᠶᠠᠨ ᠤᠯᠪᠠ᠂ ᠬᠤᠰᠢᠭᠤᠨ ᠤ ᠵᠠᠰᠠᠭ ᠤᠨ ᠣᠷᠳᠣᠨ ᠤ 2021 ᠣᠨ ᠤ ᠶᠢᠰᠦᠳᠦᠭᠡᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠰᠤᠳᠤᠯᠤᠯᠲᠠ ᠪᠠᠷ ᠳᠡᠮᠵᠢᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠲᠠ ᠪᠠᠯᠭᠠᠰᠦ ᠶᠢᠨ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ︵ᠲᠥᠯᠥᠪᠯᠡᠭᠡ︶ ᠠᠴᠠ ᠬᠡᠲᠦᠷᠡᠭᠰᠡᠨ ᠢ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠤᠨ ᠬᠡᠷᠡᠭᠵᠢᠭᠦᠯᠬᠦ ᠲᠥᠰᠦᠯ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠡᠭᠦᠨ ᠤ ᠬᠠᠮᠲᠤ᠂ ᠲᠠᠨ ᠤ ᠨᠢᠭᠡᠴᠡ ᠶᠢᠨ ᠬᠢᠨ ᠲᠥᠰᠦᠯ ᠢᠶᠠᠨ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠮᠠᠨ ᠤ ᠬᠤᠰᠢᠭᠤᠨ ᠤ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠪᠠ ᠬᠤᠲᠠ ᠪᠠᠯᠭᠠᠰᠦ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠦᠨᠡᠨ ᠬᠦ ᠳᠡᠭᠡᠭᠰᠢᠯᠡᠭᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠬᠡᠷᠡᠭᠲᠡᠶ ᠭᠡᠵᠦ ᠱᠠᠭᠠᠷᠳᠠᠵᠦ ᠪᠠᠶᠢᠨ᠎ᠠ᠃                                       2021 ᠣᠨ ᠤ 5 ᠰᠠᠷ᠎ᠠ ᠶᠢᠨ 31            ᠬᠠᠭᠤᠯᠤᠨ ᠬᠦᠷᠭᠡᠬᠦ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ                                ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                     ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号