ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠠᠠᠳᠠᠠᠭᠤᠯᠠ ᠰᠤᠮᠤ ᠶᠢᠨ ᠠᠷᠠᠳ ᠤᠨ ᠵᠠᠰᠠᠭ ᠤᠨ ᠣᠷᠳᠣᠨ ᠪᠣᠯ | ᠦᠨᠳᠦᠰᠦᠨ ᠱᠠᠲᠤᠨ ᠤ ᠲᠥᠷᠥ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠪᠠᠶᠢᠵᠤ᠂ ᠵᠢᠩᠬᠢᠨᠢ ᠰᠠᠯᠠᠭᠠᠨ ᠲᠠᠰ ᠪᠣᠯᠤᠨ᠎ᠠ᠃ | | ᠨᠢᠭᠡ᠂ ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠰᠤᠮᠤ ᠶᠢᠨ ᠨᠠᠮ ᠤᠨ ᠬᠤᠷᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ | 1. ᠨᠠᠮ ᠪᠠ ᠤᠯᠤᠰ ᠤᠨ ᠬᠤᠯᠪᠣᠭᠳᠠᠯ ᠪᠥᠬᠦᠶ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ᠂ | ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠰᠤᠮᠤ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ︵ᠨᠠᠮ ᠤᠨ ᠭᠡᠰᠢᠬᠦᠳ ᠤᠨ ᠶᠡᠭᠡ ᠬᠤᠷᠠᠯ︶ ᠤᠨ ᠰᠢᠢᠳᠪᠦᠷᠢ ᠶᠢ ᠪᠥᠬᠦ ᠲᠠᠯ᠎ᠠ ᠪᠠᠷ ᠲᠤᠤᠱᠯᠠᠭᠤᠯᠤᠨ᠎ᠠ︔ | ᠰᠤᠮᠤᠨ ᠤ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ | ᠠᠰᠠᠭᠤᠳᠠᠯ ᠢ ᠶᠠᠷᠢᠯᠴᠠᠨ ᠲᠣᠭᠲᠠᠭᠠᠨ᠎ᠠ᠃ | 2. ᠰᠤᠮᠤ ᠶᠢᠨ ᠵᠠᠰᠠᠭ ᠤᠨ ᠡᠷᠬᠡᠲᠦ ᠪᠠᠶᠢᠭᠤᠯᠭ᠎ᠠ ᠪᠣᠯᠤᠨ ᠤᠯᠠᠨ ᠲᠦᠮᠡᠨ ᠤ ᠵᠣᠬᠢᠶᠠᠨ ᠪᠠᠶᠢᠭᠤᠯᠤᠯᠲᠠ | ᠶᠢ ᠤᠳᠤᠷᠢᠳᠤᠨ᠂ ᠬᠢᠨᠠᠯᠲᠠ ᠲᠠᠯᠪᠢᠵᠤ᠂ ᠡᠳᠡᠭᠡᠷ ᠪᠠᠶᠢᠭᠤᠯᠭ᠎ᠠ ᠪᠣᠯᠤᠨ ᠵᠣᠬᠢᠶᠠᠨ ᠪᠠᠶᠢᠭᠤᠯᠤᠯᠲᠠ ᠶᠢᠨ ᠤᠯᠤᠰ ᠤᠨ | ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠡᠷᠬᠡ ᠲᠤᠰᠢᠶᠠᠯ ᠢᠶᠠᠨ ᠵᠥᠪ ᠢᠶᠠᠷ ᠬᠡᠷᠡᠭᠵᠢᠭᠦᠯᠬᠦ ᠶᠢ ᠳᠡᠮᠵᠢᠬᠦ ᠪᠠ | ᠪᠠᠳᠤᠯᠠᠨ᠎ᠠ᠃ | 3. ᠨᠠᠮ ᠤᠨ ᠬᠤᠷᠢᠶ᠎ᠠ ᠶᠢᠨ ᠲᠣᠰ ᠪᠡᠶ᠎ᠡ ᠶᠢᠨ ᠪᠠᠶᠢᠭᠤᠯᠤᠯᠲᠠ ᠪᠠ ᠨᠠᠮ ᠤᠨ ᠡᠭᠦᠷ ᠢᠶᠠᠷ | ᠭᠤᠤᠯᠯᠠᠭᠤᠯᠤᠭᠰᠠᠨ ᠭᠠᠴᠠᠭ᠎ᠠ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠄ | ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠺᠠᠳ᠋ᠷ ᠬᠥᠮᠦᠵᠢᠭᠦᠯᠬᠦ᠂ ᠰᠢᠯᠢᠨ ᠳᠡᠪᠰᠢᠭᠦᠯᠬᠦ᠂ | ᠬᠡᠷᠡᠭᠯᠡᠬᠦ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | 4. ᠰᠤᠮᠤ ᠶᠢᠨ ᠨᠡᠶᠢᠭᠡᠮ ᠵᠢᠷᠤᠮ ᠤᠨ ᠤᠯᠤᠰ ᠲᠦᠷᠦ ᠶᠢᠨ ᠪᠣᠯᠪᠠᠰᠤᠨ᠂ ᠪᠣᠳᠠᠰ ᠤᠨ ᠪᠣᠯᠪᠠᠰᠤᠨ᠂ | ᠤᠶᠤᠨ ᠤ ᠪᠣᠯᠪᠠᠰᠤᠨ ᠪᠣᠯᠤᠨ ᠨᠡᠶᠢᠭᠡᠮ ᠤᠨ ᠪᠣᠯᠪᠠᠰᠤᠨ ᠤ ᠪᠠᠶᠢᠭᠤᠯᠤᠯᠲᠠ ᠶᠢ ᠤᠳᠤᠷᠢᠳᠴᠤ᠂ ᠨᠡᠶᠢᠭᠡᠮ ᠤᠨ | ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠰᠤᠮᠤ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠠᠵᠢᠯ ᠢ ᠤᠳᠤᠷᠢᠳᠤᠨ᠎ᠠ᠃ | 5. ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠠᠴᠠᠭ᠎ᠠ ᠨᠡᠶᠢᠬᠡᠮ ᠲᠣᠭᠤᠷᠢᠭ ᠤᠨ ᠲᠣᠰᠬᠤᠨ ᠤ ᠠᠷᠠᠳ ︵ᠮᠠᠯᠴᠢᠳ︶ ᠤᠨ ᠵᠥᠪᠯᠡᠯ ᠤᠨ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠬᠠᠷᠢᠭᠤᠴᠠᠵᠤ᠂ ᠰᠤᠮᠤ ᠪᠣᠯᠤᠨ ᠭᠠᠴᠠᠭ᠎ᠠ ᠲᠣᠭᠤᠷᠢᠭ ᠤᠨ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ | ᠶᠠᠪᠤᠳᠠᠯ ᠢ ᠵᠥᠪᠯᠡᠬᠦ ᠦᠢᠯᠡᠳᠦᠯ ᠢ ᠪᠠᠳᠠᠷᠠᠭᠤᠯᠤᠨ᠎ᠠ︔ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ | ᠬᠡᠯᠲᠡᠰ ᠲᠤ ᠬᠠᠮᠵᠢᠨ ᠠᠵᠢᠯᠯᠠᠨ᠎ᠠ᠃ | 6. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ | ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠬᠤᠶᠠᠷ︶ ᠰᠤᠮᠤ ᠶᠢᠨ ᠵᠠᠰᠠᠭ ᠤᠨ ᠣᠷᠳᠣᠨ ᠤ ᠭᠤᠤᠯ ᠡᠭᠦᠷᠭᠡ ᠬᠠᠷᠢᠭᠤᠴᠠᠯᠭ᠎ᠠ | 1. ᠮᠠᠯᠵᠢᠬᠤ ᠣᠷᠣᠨ ᠳᠠᠬᠢ ᠨᠠᠮ ᠪᠠ ᠤᠯᠤᠰ ᠤᠨ ᠡᠯ᠎ᠡ ᠵᠦᠢᠯ ᠤᠨ ᠴᠢᠭᠯᠡᠯᠲᠡ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠤᠨ ᠲᠤᠬᠠᠶ ᠰᠤᠮᠤ ᠶᠢᠨ ᠨᠠᠮ ᠤᠨ | ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢᠳᠦ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ | 2. ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶ ᠶᠢᠨ ᠠᠵᠢᠯ ᠢ ᠬᠠᠮᠢᠶᠠᠷᠬᠤ ᠪᠠ ᠵᠣᠬᠢᠶᠠᠨ | ᠪᠠᠶᠢᠭᠤᠯᠵᠦ ᠵᠣᠬᠢᠴᠠᠭᠤᠯᠬᠤ ᠪᠠᠨ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠶᠢᠨ | ᠲᠤᠬᠢᠷᠠᠭᠤᠯᠤᠯᠳᠠ ᠶᠢ ᠲᠥᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠥᠢᠯᠡᠰᠴᠢᠯᠡᠬᠦ | ᠠᠬᠢᠴᠠ ᠶᠢ ᠲᠦᠷᠭᠡᠳᠬᠡᠨ᠂ ᠮᠠᠯᠵᠢᠬᠤ ᠣᠷᠣᠨ ᠤ ᠬᠥᠳᠡᠯᠮᠦᠷᠢ ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ | ᠬᠤᠲᠠ ᠪᠠᠯᠭᠠᠰᠤ ᠪᠣᠯᠤᠨ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠲᠡᠰᠢ ᠰᠢᠯᠵᠢᠭᠦᠯᠵᠦ᠂ ᠨᠡᠶᠢᠭᠡᠮ ᠵᠢᠷᠤᠮ | ᠤᠨ ᠰᠢᠨ᠎ᠡ ᠮᠠᠯᠵᠢᠬᠤ ᠣᠷᠣᠨ ᠤ ᠪᠥᠳᠥᠭᠡᠨ ᠪᠠᠶᠢᠭᠤᠯᠤᠯᠲᠠ ᠶᠢ ᠬᠥᠲᠥᠯᠥᠨ ᠵᠢᠯᠣᠭᠤᠳᠬᠤ ᠪᠠ ᠲᠥᠯᠬᠢᠨ | ᠠᠬᠢᠭᠤᠯᠵᠤ᠂ ᠮᠠᠯᠵᠢᠬᠤ ᠣᠷᠣᠨ ᠤ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | 3. ᠤᠯᠤᠰ ᠤᠨ ᠥᠮᠴᠢᠯᠡᠯ ᠤᠨ ᠪᠠ ᠬᠠᠮᠲᠤ ᠶᠢᠨ ᠥᠮᠴᠢᠯᠡᠯ ᠤᠨ ᠡᠳ᠋ ᠬᠦᠷᠦᠩᠭᠡ ᠶᠢ ᠬᠠᠮᠠᠭᠠᠯᠠᠵᠤ᠂ | ᠠᠷᠠᠳ ᠢᠷᠭᠡᠨ ᠤ ᠬᠤᠪᠢ ᠶᠢᠨ ᠥᠮᠴᠢᠯᠡᠯ ᠤᠨ ᠬᠠᠤᠯᠢ ᠶᠣᠰᠣᠨ ᠤ ᠡᠳ᠋ ᠬᠦᠷᠦᠩᠭᠡ ᠶᠢ ᠬᠠᠮᠠᠭᠠᠯᠠᠵᠤ᠂ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ | ᠥᠷᠨᠢᠭᠦᠯᠵᠦ᠂ ᠨᠡᠶᠢᠭᠡᠮ ᠤᠨ ᠵᠥᠷᠢᠴᠡᠯ ᠪᠠ ᠵᠢᠭᠤᠷᠠᠯᠳᠤᠭᠠᠨ ᠢ ᠠᠷᠢᠯᠭᠠᠵᠤ᠂ ᠨᠡᠶᠢᠭᠡᠮ ᠤᠨ ᠡᠮᠬᠢ ᠵᠢᠷᠤᠮ ᠪᠠ | ᠲᠣᠭᠲᠠᠭᠤᠨ ᠪᠠᠶᠢᠳᠠᠯ ᠢ ᠬᠠᠮᠠᠭᠠᠯᠠᠵᠤ᠂ ᠠᠷᠠᠳ ᠢᠷᠭᠡᠨ ᠤ ᠠᠵᠢᠯᠳᠠᠨ ᠤ ᠶᠠᠪᠤᠳᠠᠯ ᠤᠨ ᠡᠷᠬᠡ᠂ ᠠᠷᠠᠳᠴᠢᠯᠠᠯ ᠤᠨ | ᠡᠷᠬᠡ ᠪᠠ ᠪᠤᠰᠤᠳ ᠡᠷᠬᠡ ᠶᠢ ᠪᠠᠲᠤᠯᠠᠨ᠎ᠠ᠃ | 4. ᠮᠠᠯᠴᠢᠳ ᠲᠤ ᠮᠡᠳᠡᠭᠡ ᠵᠠᠩᠭᠢ ᠶᠢᠨ ᠦᠢᠯᠡᠴᠢᠯᠡᠭᠡ᠂ ᠠᠵᠢᠯ ᠣᠯᠭᠤᠯᠲᠠ ᠶᠢᠨ ᠦᠢᠯᠡᠴᠢᠯᠡᠭᠡ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠰᠣᠶᠣᠯ᠂ ᠪᠡᠶ᠎ᠡ ᠶᠢᠨ ᠲᠠᠮᠢᠷ᠂ ᠰᠤᠷᠭᠠᠨ ᠬᠥᠮᠦᠵᠢᠯ | ᠂ ᠡᠮ ᠡᠮᠨᠡᠯᠭᠡ ᠡᠷᠡᠭᠦᠯ ᠬᠠᠮᠠᠭᠠᠯᠠᠯ ᠪᠠ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ | ᠬᠠᠩᠭᠠᠨ᠎ᠠ︔ ᠮᠠᠯᠴᠢᠳ ᠤᠨ ᠦᠨᠳᠦᠰᠦᠨ ᠨᠠᠰᠤᠵᠢᠯ ᠤᠨ ᠳᠠᠭᠠᠳᠬᠠᠯ᠂ ᠡᠮᠨᠡᠯᠭᠡ ᠶᠢᠨ ᠳᠠᠭᠠᠳᠬᠠᠯ᠂ ᠦᠷᠡᠵᠢᠯ ᠤᠨ | ᠳᠠᠭᠠᠳᠬᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ | ᠦᠢᠯᠡᠰ ᠤᠨ ᠬᠥᠭᠵᠢᠯᠲᠡ ᠶᠢ ᠲᠥᠯᠬᠢᠨ ᠠᠬᠢᠭᠤᠯᠤᠨ᠎ᠠ᠃ | 5. ︽ᠲᠣᠰᠬᠤᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠬᠢᠭᠡᠳ ᠬᠤᠯᠪᠣᠭᠳᠠᠯ | ᠪᠥᠬᠦᠢ ᠲᠣᠭᠲᠠᠭᠠᠯ ᠶᠣᠰᠣᠭᠠᠷ᠂ ᠭᠠᠴᠠᠭ᠎ᠠ ᠨᠡᠶᠢᠭᠡᠮ ᠲᠣᠭᠤᠷᠢᠭ ᠤᠨ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠨ | ᠂ ᠭᠠᠴᠠᠭ᠎ᠠ ᠨᠡᠶᠢᠭᠡᠮ ᠲᠣᠭᠤᠷᠢᠭ ᠤᠨ ᠳᠤᠰᠬᠤᠨ ᠤ ᠠᠷᠠᠳ ︵ᠮᠠᠯᠴᠢᠳ︶ ᠤᠨ ᠵᠥᠪᠯᠡᠯ ᠤᠨ ᠥᠪᠡᠷᠲᠡᠭᠡᠨ ᠵᠠᠰᠠᠬᠤ | ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠴᠠᠭ᠎ᠠ ᠮᠠᠯᠴᠢᠳ ᠤᠨ ᠵᠥᠪᠯᠡᠯ ᠪᠣᠯᠤᠨ | ᠮᠠᠯᠴᠢᠳ ᠤᠨ ᠥᠪᠡᠷ ᠢ ᠪᠠᠨ ᠬᠠᠮᠢᠶᠠᠷᠴᠤ ᠥᠪᠡᠷ ᠤᠨ ᠪᠡᠶ᠎ᠡ ᠳᠤ ᠪᠠᠨ ᠦᠢᠯᠡᠴᠢᠯᠡᠬᠦ ᠰᠠᠨᠠᠭᠠᠴᠢᠯᠠᠭᠠᠲᠤ ᠴᠢᠨᠠᠷ᠂ | ᠢᠳᠡᠪᠬᠢᠵᠢᠯ ᠪᠣᠯᠤᠨ ᠪᠦᠲᠦᠭᠡᠯᠴᠢ ᠴᠢᠨᠠᠷ ᠢ ᠳᠠᠶᠢᠴᠢᠯᠠᠨ᠎ᠠ᠃ | 6. ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠬᠢᠷᠢ | ᠬᠡᠮᠵᠢᠶ᠎ᠡ ᠶᠢ ᠳᠡᠭᠡᠭᠰᠢᠯᠡᠭᠦᠯᠬᠦ ᠦᠢᠯᠡᠴᠢᠯᠡᠭᠡᠨ ᠤ ᠣᠷᠴᠢᠨ ᠨᠥᠬᠦᠴᠡᠯ᠂ ᠠᠮᠢᠳᠤᠷᠠᠯ ᠤᠨ ᠣᠷᠴᠢᠨ ᠨᠥᠬᠦᠴᠡᠯ ᠢ | ᠰᠠᠶᠢᠵᠢᠷᠠᠭᠤᠯᠤᠨ ᠰᠢᠯᠢᠳᠡᠭᠵᠢᠭᠦᠯᠦᠨ᠎ᠡ᠃ | 7. ᠳᠡᠭᠡᠳᠦ ᠱᠠᠲᠤᠨ ᠤ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠯᠦᠭᠡ ᠶᠢᠨ ᠬᠠᠷᠢᠴᠠᠭ᠎ᠠ ᠶᠢ | ᠵᠣᠬᠢᠴᠠᠭᠤᠯᠵᠤ᠂ ᠰᠤᠮᠤᠨ ᠤ ᠡᠯ᠎ᠡ ᠵᠦᠢᠯ ᠤᠨ ᠠᠵᠢᠯ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ | 8. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ | ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠬᠤᠶᠠᠷ᠂ ᠳᠣᠲᠣᠭᠠᠳᠤ ᠪᠠᠶᠢᠭᠤᠯᠤᠮᠵᠢ | ᠪᠤᠠᠠᠳᠠᠠᠭᠤᠯᠠ ᠰᠤᠮᠤᠨ ᠤ ᠨᠠᠮ ᠵᠠᠰᠠᠭ ᠤᠨ ᠪᠠᠶᠢᠭᠤᠯᠭ᠎ᠠ ᠳᠤ 5 ᠨᠠᠮ ᠵᠠᠰᠠᠭ ᠤᠨ ᠪᠠᠶᠢᠭᠤᠯᠤᠮᠵᠢ ᠲᠠᠢ᠄ | 1. ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠬᠡᠷ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠤᠨ ᠠᠵᠢᠯ ᠢ ᠬᠠᠷᠢᠭᠤᠴᠠᠨ᠎ᠠ︔ ᠰᠤᠮᠤ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠳᠦ ᠪᠣᠳᠣᠯᠭ᠎ᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ | ᠬᠠᠷᠢᠭᠤᠴᠠᠨ᠎ᠠ︔ ᠠᠵᠢᠯᠳᠠᠨ ᠤ ᠶᠠᠪᠤᠳᠠᠯ ᠪᠠ ᠡᠳ᠋ ᠤᠨ ᠵᠠᠰᠠᠭ ᠵᠡᠷᠭᠡ ᠠᠵᠢᠯ ᠢ ᠬᠠᠷᠢᠭᠤᠴᠠᠨ᠎ᠠ᠃ | 2. ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠤᠯᠠᠨ ᠲᠦᠮᠡᠨ ᠤ ᠪᠦᠯᠬᠦᠮ ᠤᠨ ᠠᠵᠢᠯ ᠢ | ᠬᠠᠷᠢᠭᠤᠴᠠᠨ᠎ᠠ︔ ᠰᠤᠷᠲᠠᠯ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ ᠲᠠᠮᠢᠷ ᠤᠨ | ᠠᠵᠢᠯ ᠢ ᠬᠠᠷᠢᠭᠤᠴᠠᠨ᠎ᠠ︔ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ | ᠬᠠᠷᠢᠭᠤᠴᠠᠨ᠎ᠠ᠃ | 3. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ︔ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠵᠢᠯ ᠢ ᠬᠠᠷᠢᠭᠤᠴᠠᠨ᠎ᠠ︔ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ ᠠᠵᠢᠯ ᠢ | ᠬᠠᠷᠢᠭᠤᠴᠠᠨ᠎ᠠ︔ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯ ᠢ | ᠬᠠᠷᠢᠭᠤᠴᠠᠨ᠎ᠠ︔ ᠠᠮᠢ ᠠᠬᠤᠶ ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ᠃ | 4. ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ᠃ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ᠂ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ | ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠦᠯᠬᠦᠮ | ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ᠃ | 5. ᠠᠮᠤᠷ ᠳᠤᠭᠳᠠᠭᠤᠨ ᠤ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ᠃ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ | ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠲᠣᠣᠷᠵᠢᠭᠤᠯᠬᠤ ᠠᠵᠢᠯ ᠢ ᠬᠠᠷᠢᠭᠤᠴᠠᠨ᠎ᠠ᠃ | ᠠᠰ ᠲᠤᠨᠢ ᠠᠷᠠᠳ ᠤᠨ ᠵᠡᠪᠰᠡᠭᠲᠦ ᠬᠦᠴᠦᠨ ᠤ ᠬᠡᠯᠲᠡᠰ ᠢ ᠪᠠᠶᠢᠭᠤᠯᠤᠨ᠎ᠠ᠃ ᠪᠤᠭᠳᠠᠠᠭᠤᠯᠠ ᠰᠤᠮᠤ ᠶᠢᠨ | ᠬᠠᠷᠢᠶ᠎ᠠ ᠣᠷᠣᠨ ᠳᠠᠬᠢ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠡᠷᠦᠬᠡ ᠶᠢᠨ | ᠴᠡᠷᠢᠭ ᠤᠨ ᠳᠤᠭᠤᠶᠢᠯᠠᠩ ᠨᠡᠶᠢᠯᠡᠬᠦᠯᠬᠦ ᠠᠵᠢᠯ᠂ ᠴᠡᠷᠢᠭ ᠤᠨ ᠪᠤᠯᠪᠠᠰᠤᠷᠠᠯ᠂ ᠴᠡᠷᠢᠭ ᠤᠨ ᠠᠯᠪᠠᠨ ᠳᠤ ᠡᠯᠰᠡᠬᠦ᠂ | ᠪᠠᠶᠢᠯᠳᠤᠬᠤ ᠪᠣᠳᠣᠯᠭ᠎ᠠ ᠶᠢᠨ ᠪᠤᠯᠪᠠᠰᠤᠷᠠᠯ᠂ ᠴᠡᠷᠢᠭ ᠤᠨ ᠮᠥᠷᠦ᠋ᠢᠴᠡᠭᠡᠨ ᠢ ᠬᠢᠨᠠᠨ ᠰᠢᠯᠭᠠᠬᠤ ᠵᠡᠷᠭᠡ ᠠᠵᠢᠯ ᠢ | ᠬᠠᠷᠢᠭᠤᠴᠠᠨ᠎ᠠ᠃ ᠴᠡᠷᠢᠭ ᠢ ᠵᠣᠬᠢᠶᠠᠨ ᠪᠠᠶᠢᠭᠤᠯᠤᠨ ᠲᠠᠶᠢᠴᠢᠯᠠᠵᠦ᠂ ᠲᠠᠶᠢᠨ ᠤ ᠪᠡᠯᠡᠳᠬᠡᠯ ᠤᠨ ᠦᠢᠯᠡᠴᠢᠯᠡᠭᠡᠨ ᠤ | ᠪᠠᠲᠤᠯᠠᠭ᠎ᠠ ᠶᠢᠨ ᠡᠭᠦᠷᠭᠡ ᠶᠢ ᠪᠡᠶᠡᠯᠡᠭᠦᠯᠬᠦ ᠶᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ | ᠬᠡᠯᠲᠡᠰ ᠤᠨ ᠲᠤᠰᠢᠶᠠᠭᠰᠠᠨ ᠠᠵᠢᠯ ᠢ ᠳᠠᠭᠠᠭᠠᠨ ᠭᠦᠢᠴᠡᠳᠬᠡᠨ᠎ᠡ᠃ | ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠠᠴᠠ ᠪᠤᠭᠳᠠᠠᠭᠤᠯᠠ ᠰᠤᠮᠤ ᠶᠢᠨ ᠬᠢᠨᠠᠨ ᠪᠠᠶᠢᠴᠠᠭᠠᠬᠤ ᠠᠯᠪᠠᠨ | ᠬᠡᠷ ᠢ ᠲᠣᠮᠢᠯᠠᠨ᠎ᠠ᠃ ᠰᠤᠮᠤ ᠶᠢᠨ ᠨᠠᠮ ᠤᠨ ᠬᠤᠷᠢᠶ᠎ᠠ ᠶᠢ ᠬᠠᠮᠵᠢᠨ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠰᠠᠶᠢᠲᠤᠷ ᠠᠳᠬᠤᠨ᠎ᠠ︔ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠬᠠᠤᠯᠢ ᠲᠣᠭᠲᠠᠭᠠᠯ | ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠬᠠᠷᠢᠭᠤᠴᠠᠨ᠎ᠠ︔ ᠡᠷᠬᠡ ᠣᠯᠭᠤᠯᠲᠠ ᠶᠢ | ᠦᠨᠳᠦᠰᠦᠯᠡᠨ᠂ ᠰᠤᠮᠤ ᠶᠢᠨ ᠬᠠᠮᠢᠶᠠᠷᠤᠯᠲᠠ ᠶᠢᠨ ᠬᠡᠪᠴᠢᠶᠡᠨ ᠳᠠᠬᠢ ᠨᠡᠶᠢᠲᠡ ᠶᠢᠨ ᠡᠷᠬᠡ ᠶᠢ ᠬᠡᠷᠡᠭᠵᠢᠭᠦᠯᠵᠦ ᠪᠠᠶᠢᠭ᠎ᠠ | ᠠᠯᠪᠠᠨ ᠲᠤᠰᠢᠶᠠᠯᠲᠠᠨ ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠬᠢᠨᠠᠨ ᠪᠠᠶᠢᠴᠠᠭᠠᠬᠤ ᠰᠠᠨᠠᠭᠤᠯᠭ᠎ᠠ ᠳᠤᠷᠠᠳᠤᠨ᠎ᠠ︔ | ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠢ ᠬᠠᠮᠵᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ︔ | ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | | 2019 ᠣᠨ ᠤ 12 ᠰᠠᠷ᠎ᠠ ᠶᠢᠨ 25 ᠤ ᠡᠳᠦᠷ | | ᠬᠠᠶ᠋ᠢᠭ᠄ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠᠠᠭᠤᠯᠠ ᠰᠤᠮᠤ | ᠰᠢᠦᠳᠠᠨ ᠳ᠋ᠤᠭᠠᠷ᠄ 021316 | ᠠᠵᠢᠯ ᠤᠨ ᠤᠲᠠᠰᠤ᠄ 0470 — 6488001 | ᠠᠵᠢᠯᠯᠠᠬᠤ ᠴᠠᠭ᠄ 9᠄ 00 — 12᠄ 00᠂ 14᠄ 30 — 17᠄ 30 ︵ᠪᠠᠶᠠᠷ | ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | | ᠭᠤᠷᠪᠠ᠂ ᠬᠠᠷᠢᠶ᠎ᠠ ᠪᠠᠶᠢᠭᠤᠯᠤᠮᠵᠢ | ︵ᠨᠢᠭᠡ︶ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠᠠᠭᠤᠯᠠ ᠰᠤᠮᠤᠨ ᠤ ᠨᠠᠮ ᠤᠨ ᠭᠡᠰᠢᠬᠦᠨ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ ᠨᠢ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠᠠᠭᠤᠯᠠ ᠰᠤᠮᠤᠨ ᠤ | ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠵᠤ᠂ ᠳᠡᠳ᠋ ᠰᠠᠯᠠᠭᠠᠨ ᠲᠠᠰ ᠤᠨ ᠠᠵᠢᠯ ᠦᠢᠯᠡᠰ ᠤᠨ | ᠨᠢᠭᠡᠴᠡ ᠲᠠᠢ ᠲᠡᠩᠴᠡᠨ᠎ᠡ᠃ | ︵ᠬᠤᠶᠠᠷ︶ ᠭᠤᠣᠯ ᠡᠭᠦᠷᠭᠡ ᠬᠠᠷᠢᠭᠤᠴᠠᠯᠭ᠎ᠠ | ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠷᠥᠯ ᠵᠦᠢᠯ ᠤᠨ ᠪᠦᠬᠦᠯᠢ ᠴᠣᠭᠴᠠ ᠶᠢᠨ | ᠲᠣᠬᠢᠷᠠᠭᠤᠯᠤᠯᠲᠠ᠂ ᠵᠤᠬᠢᠴᠠᠭᠤᠯᠭ᠎ᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ | ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠬᠠᠷᠢᠶ᠎ᠠ ᠣᠷᠣᠨ ᠤ ᠪᠠᠨ | ᠨᠠᠮ ᠤᠨ ᠭᠡᠰᠢᠭᠦᠨ ᠲᠠᠢ ᠬᠠᠷᠢᠯᠴᠠᠬᠤ ᠪᠠ ᠲᠡᠳᠡᠨ ᠳᠤ ᠨᠠᠮ ᠤᠨ ᠭᠡᠰᠢᠬᠦᠨ ᠪᠠ ᠣᠯᠠᠨ ᠲᠦᠮᠡᠨ ᠤ ᠡᠯ᠎ᠡ | ᠲᠥᠷᠥᠯ ᠤᠨ ᠠᠵᠢᠯᠯᠠᠭᠠᠨ ᠤ ᠲᠠᠯᠠᠪᠤᠷ ᠲᠤ ᠦᠢᠯᠴᠡᠶᠢᠯᠡᠬᠦ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ | ᠬᠠᠮᠠᠭᠠᠯᠠᠯᠲᠠ ᠶᠢ ᠬᠠᠷᠢᠭᠤᠴᠠᠨ᠎ᠠ︔ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠶᠡᠷᠦᠩᠬᠡᠶᠢᠯᠡᠨ ᠬᠢᠨᠠᠨ | ᠵᠥᠪᠰᠢᠶᠡᠷᠡᠬᠦ ᠶᠢ ᠬᠠᠷᠢᠭᠤᠴᠠᠨ᠎ᠠ︔ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠵᠢᠯ ᠤᠯᠬᠤ ᠪᠠ ᠠᠳᠠᠯ | ᠦᠢᠯᠡᠰ ᠴᠣᠭᠴᠠᠯᠠᠬᠤ ᠶᠢ ᠲᠡᠳᠬᠦᠬᠦ᠂ ᠬᠠᠷᠠᠭᠠᠯᠵᠠᠨ ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ | ᠰᠤᠷᠪᠤᠯᠵᠢᠯᠠᠭ᠎ᠠ ᠶᠢ ᠭᠥᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ | ᠡᠭᠦᠷᠭᠡᠯᠡᠨ᠎ᠡ︔ ᠴᠡᠷᠢᠭ ᠢ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ︔ | ᠰᠤᠮᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ | ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠠᠵᠢᠯ ᠢ ᠬᠠᠷᠢᠭᠤᠴᠠᠨ᠎ᠠ︔ ᠰᠣᠶᠣᠯ | ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ︔ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ | ᠳᠡᠭᠡᠳᠦ ᠱᠠᠲᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | | ︵ᠭᠤᠷᠪᠠ︶ ᠳᠣᠲᠣᠭᠠᠳᠤ ᠪᠠᠶᠢᠭᠤᠯᠤᠮᠵᠢ | ᠰᠢᠨ᠎ᠡ ᠪᠠᠷᠭᠤ ᠪᠠᠷᠠᠭᠤᠨ ᠬᠤᠰᠢᠭᠤᠨ ᠤ ᠲᠡᠯᠡᠶ ᠰᠤᠮᠤ ᠶᠢᠨ ᠨᠠᠮ ᠤᠨ ᠬᠡᠰᠢᠬᠦᠨ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠭᠠᠵᠠᠷ ᠤᠨ ᠫᠠᠶᠢᠰᠠ ᠶᠢ ᠡᠯᠭᠦᠪᠡ︶ ᠤᠨ ᠳᠣᠲᠣᠷ᠎ᠠ 4 ᠳᠠᠰᠤᠭ ᠲᠠᠢ᠂ ᠴᠦᠮ ᠳᠠᠰᠤᠭ ᠤᠨ ᠲᠠᠰ᠃ | 1. ᠨᠠᠮ ᠤᠨ ᠭᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠠᠰᠤᠭ᠄ ᠨᠠᠮ ᠤᠨ ᠭᠡᠰᠢᠭᠦᠨ ᠪᠠ | ᠣᠯᠠᠨ ᠲᠦᠮᠡᠨ ᠤ ᠦᠢᠯᠡᠴᠢᠯᠡᠭᠡᠨ ᠤ ᠲᠥᠷᠥᠯ ᠵᠦᠢᠯ ᠤᠨ ᠪᠦᠬᠦᠯᠢ ᠴᠣᠭᠴᠠ ᠶᠢᠨ ᠲᠣᠬᠢᠷᠠᠭᠤᠯᠤᠯᠲᠠ | ᠵᠤᠬᠢᠴᠠᠭᠤᠯᠭ᠎ᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ | ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠬᠠᠷᠢᠶ᠎ᠠ ᠣᠷᠣᠨ ᠤ ᠪᠠᠨ ᠨᠠᠮ ᠤᠨ ᠭᠡᠰᠢᠭᠦᠨ ᠲᠠᠢ | ᠬᠠᠷᠢᠯᠴᠠᠬᠤ ᠪᠠ ᠲᠡᠳᠡᠨ ᠳᠤ ᠨᠠᠮ ᠤᠨ ᠭᠡᠰᠢᠬᠦᠨ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ | ᠲᠠᠯᠠᠪᠤᠷ ᠲᠤ ᠦᠢᠯᠡᠴᠢᠯᠡᠬᠦ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ | ᠬᠠᠷᠢᠭᠤᠴᠠᠨ᠎ᠠ᠃ | 2. ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠰᠤᠭ᠄ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠨ ᠵᠥᠪᠰᠢᠶᠡᠷᠡᠯ ᠤᠨ ᠠᠵᠢᠯ ᠢ ᠬᠠᠷᠢᠭᠤᠴᠠᠨ᠎ᠠ᠃ | 3. ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠠᠰᠤᠭ᠄ ᠴᠡᠷᠢᠭ ᠤᠨ | ᠠᠯᠪᠠᠨ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠡᠳᠬᠦᠬᠦ᠂ ᠬᠠᠷᠠᠭᠠᠯᠵᠠᠨ | ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ᠂ ᠡᠷᠬᠡ ᠠᠰᠢᠭ ᠢ | ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ︔ ᠴᠡᠷᠢᠭ ᠢ ᠬᠦᠷᠢᠶᠡᠯᠡᠨ ᠴᠡᠷᠢᠭ ᠤᠨ ᠭᠡᠷ | ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ᠃ | 4. ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠠᠰᠤᠭ᠄ ᠰᠤᠮᠤ ᠶᠢᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠬᠠᠶ᠋ᠢᠭ᠄ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠᠠᠭᠤᠯᠠ ᠰᠤᠮᠤ | ᠰᠢᠦᠳᠠᠨ ᠳ᠋ᠤᠭᠠᠷ᠄ 021316 | ᠠᠵᠢᠯ ᠤᠨ ᠤᠲᠠᠰᠤ᠄ 13947029481 | ᠠᠵᠢᠯᠯᠠᠬᠤ ᠴᠠᠭ᠄ 9᠄ 00 — 12᠄ 00᠂ 14᠄ 30 — 17᠄ 30 ︵ᠪᠠᠶᠠᠷ | ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | | ︵ᠨᠢᠭᠡ︶ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠᠠᠭᠤᠯᠠ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠣᠪᠴᠢᠶ᠎ᠠ ᠨᠢ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠᠠᠭᠤᠯᠠ ᠰᠤᠮᠤ ᠶᠢᠨ | ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠵᠤ᠂ ᠳᠡᠳ᠋ ᠰᠠᠯᠠᠭᠠᠨ ᠲᠠᠰ ᠤᠨ ᠠᠵᠢᠯ ᠦᠢᠯᠡᠰ ᠤᠨ | ᠨᠢᠭᠡᠴᠡ ᠲᠠᠢ ᠲᠡᠩᠴᠡᠨ᠎ᠡ᠃ | ︵ᠬᠤᠶᠠᠷ︶ ᠭᠤᠣᠯ ᠡᠭᠦᠷᠭᠡ ᠬᠠᠷᠢᠭᠤᠴᠠᠯᠭ᠎ᠠ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠤᠮᠤᠨ ᠳᠤ ᠣᠯᠭᠤᠭᠰᠠᠨ | ᠬᠠᠤᠯᠢ ᠬᠡᠷᠡᠭᠵᠢᠭᠦᠯᠬᠦ ᠡᠷᠬᠡ ᠶᠢ ᠲᠥᠪᠯᠡᠷᠡᠭᠦᠯᠦᠨ ᠬᠡᠷᠡᠭᠵᠢᠭᠦᠯᠵᠦ᠂ ᠰᠤᠮᠤ ᠶᠢᠨ ᠵᠠᠰᠠᠭ ᠤᠨ ᠣᠷᠳᠣᠨ ᠤ ᠨᠡᠷ᠎ᠡ ᠪᠠᠷ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ᠂ ᠮᠠᠯᠵᠢᠬᠤ | ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠪᠠᠷᠢᠯᠭ᠎ᠠ ᠶᠢᠨ ᠬᠤᠭ ᠨᠣᠪᠰᠢ ᠶᠢᠨ | ᠬᠠᠮᠢᠶᠠᠷᠤᠯᠲᠠ᠂ ᠵᠠᠰᠠᠮᠠᠯ ᠵᠠᠮ ᠤᠨ ᠬᠠᠮᠢᠶᠠᠷᠤᠯᠲᠠ᠂ ᠨᠡᠶᠢᠭᠡᠮ ᠤᠨ ᠠᠪᠤᠷᠠᠨ ᠲᠤᠰᠠᠯᠠᠯᠲᠠ᠂ ᠣᠷᠤᠭ ᠤᠨ | ᠳᠡᠩᠰᠡᠯᠡᠯᠲᠡ᠂ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ᠂ ᠭᠤᠤᠯ ᠤᠨ ᠵᠠᠮ ᠤᠨ ᠬᠠᠮᠢᠶᠠᠷᠤᠯᠲᠠ᠂ ᠤᠰᠤ | ᠰᠢᠷᠣᠶ ᠶᠢᠨ ᠬᠠᠮᠠᠭᠠᠯᠠᠯᠲᠠ᠂ ᠨᠣᠭᠤᠭᠠᠷᠠᠭᠤᠯᠤᠯᠲᠠ ᠶᠢᠨ ᠬᠠᠮᠢᠶᠠᠷᠤᠯᠲᠠ᠂ ᠭᠡᠷᠡᠯᠲᠦᠭᠦᠯᠭᠡ ᠶᠢᠨ ᠬᠠᠮᠢᠶᠠᠷᠤᠯᠲᠠ᠂ | ᠠᠳᠠᠯ ᠠᠬᠤᠶ ᠶᠢᠨ ᠬᠠᠮᠢᠶᠠᠷᠤᠯᠲᠠ ᠵᠡᠷᠭᠡ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠥᠭᠭᠦᠯᠲᠡ᠂ | ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ᠂ ᠵᠠᠰᠠᠭ ᠵᠠᠬᠢᠷᠭᠠᠨ ᠤ ᠨᠤᠲᠠᠯᠠᠯᠲᠠ ᠵᠡᠷᠭᠡ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠢ ᠥᠷᠨᠢᠭᠦᠯᠦᠨ᠎ᠡ︔ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ | ᠱᠠᠲᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠬᠠᠶ᠋ᠢᠭ᠄ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠᠠᠭᠤᠯᠠ ᠰᠤᠮᠤ | ᠰᠢᠦᠳᠠᠨ ᠳ᠋ᠤᠭᠠᠷ᠄ 021316 | ᠠᠵᠢᠯ ᠤᠨ ᠤᠲᠠᠰᠤ᠄ 13848807542 | ᠠᠵᠢᠯᠯᠠᠬᠤ ᠴᠠᠭ᠄ 9᠄ 00 — 12᠄ 00᠂ 14᠄ 30 — 17᠄ 30 ︵ᠪᠠᠶᠠᠷ | ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠭᠤᠴᠠᠯᠭᠠᠲᠠᠨ᠄ ᠵᠠᠩ ᠴᠠᠩ ᠬᠠᠶ | ︵ᠨᠢᠭᠡ︶ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠᠠᠭᠤᠯᠠ ᠰᠤᠮᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ | ᠮᠡᠷᠭᠡᠵᠢᠯ ᠳᠡᠯᠭᠡᠷᠡᠭᠦᠯᠬᠦ ᠲᠥᠪ ᠨᠢ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠᠠᠭᠤᠯᠠ ᠰᠤᠮᠤ ᠶᠢᠨ ᠠᠷᠠᠳ ᠤᠨ | ᠵᠠᠰᠠᠭ ᠤᠨ ᠣᠷᠳᠣᠨ ᠳᠤ ᠬᠠᠷᠢᠶᠠᠯᠠᠭᠳᠠᠵᠤ᠂ ᠳᠡᠳ᠋ ᠰᠠᠯᠠᠭᠠᠨ ᠲᠠᠰ ᠤᠨ ᠠᠵᠢᠯ ᠦᠶ᠋ᠯᠡᠰ ᠤᠨ ᠨᠢᠭᠡᠴᠡ ᠲᠠᠢ | ᠲᠡᠩᠴᠡᠨ᠎ᠡ᠃ | ︵ᠬᠤᠶᠠᠷ︶ ᠭᠤᠣᠯ ᠡᠭᠦᠷᠭᠡ ᠬᠠᠷᠢᠭᠤᠴᠠᠯᠭ᠎ᠠ | ᠲᠠᠷᠢᠶᠠᠯᠠᠩ᠂ ᠤᠢ ᠰᠢᠭᠤᠶ᠂ ᠮᠠᠯ ᠠᠵᠤ ᠠᠬᠤᠶ᠂ ᠤᠰᠤ᠂ ᠡᠪᠡᠰᠦ ᠵᠡᠷᠭᠡ ᠬᠦᠷᠢᠶᠡᠨ ᠤ ᠲᠧᠭᠨᠢᠭ | ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ︔ ᠮᠠᠯᠴᠢᠨ ᠲᠠᠷᠢᠶᠠᠴᠢᠳ ᠲᠤ ᠠᠵᠤ | ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ︔ ᠲᠤᠰᠬᠠᠶ ᠮᠡᠷᠭᠡᠵᠢᠯ ᠤᠨ | ᠪᠣᠯᠪᠠᠰᠤᠷᠠᠯ᠂ ᠡᠪᠡᠳᠴᠢᠨ ᠬᠤᠷᠣᠬᠠᠶ ᠶᠢ ᠰᠡᠷᠭᠡᠶᠢᠯᠡᠨ ᠵᠠᠰᠠᠬᠤ᠂ ᠠᠮᠢᠳᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ | ᠬᠠᠷᠢᠭᠤᠴᠠᠨ᠎ᠠ︔ ᠴᠠᠭ ᠠᠭᠤᠷ᠂ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ᠂ ᠮᠠᠯ ᠠᠵᠤ ᠠᠬᠤᠶ ᠮᠠᠯ ᠡᠮᠨᠡᠯᠭᠡ᠂ | ᠡᠵᠡᠩᠨᠡᠯᠲᠡ ᠬᠠᠮᠢᠶᠠᠷᠤᠯᠲᠠ ︵ᠭᠠᠴᠠᠭ᠎ᠠ ᠨᠡᠶᠢᠭᠡᠮ ᠲᠣᠭᠤᠷᠢᠭ ᠤᠨ ᠱᠠᠲᠤᠨ ᠤ ᠡᠳ᠋ ᠤᠨ ᠶᠠᠪᠤᠳᠠᠯ ᠢ ᠢᠯᠡ ᠪᠣᠯᠭᠠᠬᠤ | ᠠᠵᠢᠯ︶ ᠶᠢ ᠬᠠᠷᠢᠭᠤᠴᠠᠨ᠎ᠠ︔ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ | ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠬᠠᠶ᠋ᠢᠭ᠄ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠᠠᠭᠤᠯᠠ ᠰᠤᠮᠤ ᠶᠢᠨ ᠵᠠᠰᠠᠭ ᠤᠨ ᠣᠷᠳᠣᠨ | ᠰᠢᠤᠳᠠᠨ ᠳ᠋ᠤᠭᠠᠷ᠄ 021316 | ᠠᠵᠢᠯ ᠤᠨ ᠤᠲᠠᠰᠤ᠄ 13240844084 | ᠠᠵᠢᠯᠯᠠᠬᠤ ᠴᠠᠭ᠄ 9᠄ 00 — 12᠄ 00᠂ 14᠄ 30 — 17᠄ 30 ︵ᠪᠠᠶᠠᠷ | ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | |