ᠬᠤᠰᠢᠭᠤᠨ ᠤ ᠳᠤᠭ᠎ᠠ ᠪᠦᠷᠢᠳᠬᠡᠯ ᠤᠨ ᠲᠣᠪᠴᠢᠶ᠎ᠠ ᠰᠢ ᠶᠢᠨ ᠫᠢᠩ ᠶᠡᠷᠦᠩᠬᠡᠶ ᠱᠦᠵᠢ ᠶᠢᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠪᠠ
ᠨᠡᠶᠢᠲᠡᠯᠡᠭᠰᠡᠨ ᠴᠠᠭ᠄
2021/7/6
       7 ᠰᠠᠷ᠎ᠠ ᠶᠢᠨ 2 ᠤᠨ ᠡᠳᠦᠷ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠣᠯᠣᠳᠤᠭᠠᠷ ᠤᠳᠠᠭᠠᠨ ᠤ ᠤᠨᠤᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠤᠪᠴᠢᠶᠠᠨ ᠤ ᠬᠠᠷᠢᠭᠤᠴᠠᠯᠭᠠᠳᠠᠨ ᠪᠥᠬᠦ ᠺᠠᠳ᠋ᠷ ᠠᠵᠢᠯᠲᠠᠨ ᠢ ᠳᠠᠭᠠᠭᠤᠯᠤᠨ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠪᠠ᠃
       ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠬᠠᠷᠠᠭᠠᠰᠤ ᠥᠷᠭᠡᠨ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ᠂ ᠬᠥᠮᠦᠰ ᠤᠨ ᠰᠡᠳᠬᠢᠯ ᠢ ᠬᠦᠭᠵᠢᠬᠡᠨ ᠵᠤᠷᠢᠭᠵᠢᠭᠤᠯᠵᠦ᠂ ᠳᠤᠮᠳᠠᠳᠤ ᠤᠯᠤᠰ ᠤᠨ ᠡᠪ ᠬᠠᠮᠲᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯᠤᠨ ᠲᠡᠦᠬᠡᠲᠦ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠦ᠂ ᠦᠨᠡᠨ ᠶᠣᠰᠣᠨ ᠤ ᠬᠦᠴᠦᠨ ᠴᠢᠳᠠᠯ ᠢᠶᠠᠷ ᠪᠢᠯᠬᠠᠮ᠎ᠠ ᠮᠠᠷᠺᠰ ᠤᠨ ᠦᠵᠡᠯ ᠤᠨ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠪᠣᠯᠬᠤ ᠶᠤᠮ ᠭᠡᠵᠡᠢ
       ᠬᠤᠷᠠᠯ ᠠᠴᠠ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠬᠤ ᠪᠣᠯ ᠣᠳᠣᠬᠠᠨ ᠤ ᠨᠢᠭᠡᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠶ ᠰᠤᠷᠤᠯᠴᠠᠨ ᠣᠶᠢᠯᠠᠭᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠤᠷᠢᠶᠠᠯᠠᠭ᠎ᠠ ᠶᠢ ᠡᠷᠡᠰ ᠴᠤᠤᠷᠢᠶᠠᠲᠤᠨ ᠲᠠᠭᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠵᠣᠷᠢᠯᠲᠠ ᠶᠢ ᠦᠢᠯᠡᠳᠦᠯᠬᠡᠵᠢᠬᠦᠯᠦᠨ᠂ ᠨᠠᠮ ᠤᠨ ᠦᠢᠯᠡᠰ ᠤᠨ ᠲᠥᠯᠥᠭᠡ ᠨᠠᠰᠤᠨ ᠲᠤᠷᠰᠢᠳᠠ ᠪᠠᠨ ᠵᠢᠳᠬᠦᠨ᠎ᠡ ᠭᠡᠵᠡᠢ                             ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号