ᠠᠯᠳ᠋ᠬᠠᠮᠡᠭᠡᠯ ᠪᠠᠯᠭᠠᠰᠦ ᠲᠣᠰᠬᠠᠢ ᠲᠠᠯᠠᠪᠣᠷ ᠣᠷᠡᠨ ᠰᠠᠶᠢᠬᠠᠨ ᠤ ᠲᠣᠬᠯᠠᠯᠳᠡ ᠭᠠᠷᠭᠠᠪᠠ
ᠨᠡᠶᠢᠲᠡᠯᠡᠭᠰᠡᠨ ᠴᠠᠭ᠄
2021/7/6
       ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠦᠪᠡᠳᠡᠭᠰᠢ ᠶᠡᠭᠡ  ᠪᠠᠷ ᠪᠡᠯᠭᠡᠯᠡᠵᠦ᠂ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠬᠤ᠂ ᠰᠢᠨ᠎ᠡ ᠪᠠᠶᠢᠳᠠᠯ ᠢ ᠲᠡᠮᠳᠡᠭᠯᠡᠵᠦ᠂ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ᠂ 7 ᠰᠠᠷ᠎ᠠ ᠶᠢᠨ 5 ᠤ ᠣᠷᠣᠢ᠂ ︽ᠡᠭᠦᠷᠢᠳᠡ ᠨᠠᠮ ᠢᠶᠠᠨ ᠲᠠᠭᠠᠨ᠎ᠡ︾ ᠭᠡᠬᠦ ᠰᠢᠷᠢᠰ ᠠᠵᠢᠯᠯᠠᠭ᠎ᠠ ᠶᠢᠨ ︽ᠠᠷᠠᠳ ᠤᠨ ᠳᠠᠭᠤᠤ ᠪᠠᠨ ᠨᠠᠮ ᠳᠠᠭᠠᠨ ᠲᠠᠭᠤᠯᠡᠶ᠎ᠡ︾ ᠰᠢᠨ᠎ᠡ ᠪᠠᠷᠭᠤ ᠪᠠᠷᠠᠭᠤᠨ ᠬᠤᠰᠢᠭᠤᠨ ᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠺᠠᠳ᠋ᠷ ᠣᠯᠠᠨ ᠳᠦᠮᠠᠨ ᠤ ᠣᠷᠡᠨ ᠰᠠᠶᠢᠬᠠᠨ ᠤ ᠲᠣᠭᠯᠠᠯᠲᠠ ᠶᠢᠨ ᠠᠯᠳ᠋ᠬᠠᠮᠡᠭᠡᠯ ᠪᠠᠯᠭᠠᠰᠦ ᠶᠢᠨ ᠲᠣᠰᠬᠠᠢ ᠲᠠᠯᠠᠪᠣᠷ ᠣᠷᠡᠨ ᠰᠠᠶᠢᠬᠠᠨ ᠤ ᠲᠣᠬᠯᠠᠯᠳᠡ ᠬᠤᠰᠢᠭᠤᠨ ᠤ ᠰᠡᠭᠡᠭᠡᠳᠡᠨ ᠠᠭᠤᠳᠡᠮ ᠲᠠᠯᠠᠪᠠᠢ ᠳᠤ ᠶᠠᠪᠣᠬᠳᠠᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠤ᠋ ᠹᠧᠩ ᠨᠢᠩ᠂ ᠠᠯᠳ᠋ᠬᠠᠮᠡᠭᠡᠯ ᠪᠠᠯᠭᠠᠰᠤ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠰᠠᠭᠠᠳᠡᠵᠦ᠂ ᠥᠷᠭᠡᠨ ᠣᠯᠠᠨ ᠠᠷᠠᠳ ᠲᠦᠮᠡᠨ ᠲᠠᠢ ᠬᠠᠮᠲᠤ ᠪᠠᠷ ᠲᠣᠭᠯᠠᠯᠲᠠ ᠰᠣᠨᠢᠷᠬᠠᠪᠡ᠃
               ᠲᠣᠭᠯᠠᠯᠲᠠ ᠨᠢ ᠵᠠᠭᠤᠨ ᠬᠥᠮᠦᠨ ᠤ ᠪᠥᠵᠢᠭ ︽ᠰᠢᠨ᠎ᠡ ᠴᠠᠭ ᠡᠷᠢᠨ ᠳᠤ ᠠᠯᠬᠤᠨ ᠣᠷᠣᠬᠤ︾ ᠪᠠᠷ ᠬᠥᠰᠢᠭᠡ ᠢᠶᠠᠨ ᠨᠡᠭᠡᠭᠡᠯ᠎ᠡ᠃ ᠨᠠᠶᠢᠷᠠᠯ ᠲᠠᠭᠤᠣ ︽ᠲᠡᠷᠢᠭᠦᠯᠡᠭᠴᠢ ᠶᠢᠨ ᠦᠭᠡ ᠶᠢᠨ ᠲᠡᠭᠦᠪᠦᠷᠢ ᠪᠣᠯ ᠮᠠᠨ ᠤ ᠦᠢᠯᠡᠰ ᠢ ᠤᠳᠤᠷᠢᠳᠬᠤ ᠭᠤᠣᠯᠯᠠᠭᠴᠢ ᠬᠦᠴᠦᠨ︾ ︽ᠨᠠᠮ ᠤᠨ ᠬᠠᠶᠢᠷ᠎ᠠ ᠬᠠᠯᠠᠮᠵᠢ︾᠂ ︽ᠮᠢᠨᠦ ᠰᠡᠳᠬᠢᠯ ᠨᠠᠮ ᠤᠨ ᠵᠦᠭ ᠲᠡᠮᠡᠥᠯᠡᠨ᠎ᠡ︾ ᠵᠡᠷᠭᠡ ᠲᠣᠬᠯᠠᠯᠳᠡ ᠨᠢ ᠥᠷᠭᠡᠨ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠲᠣᠭᠯᠠᠯᠲᠠ ᠶᠢᠨ ᠬᠡᠯᠪᠡᠷᠢ ᠪᠠᠷ ᠣᠯᠠᠨ ᠳᠤ ᠭᠤᠶᠢᠳᠠ ᠰᠠᠶᠢᠬᠠᠨ ᠰᠣᠶᠣᠯ ᠢ ᠬᠥᠷᠳᠡᠭᠡᠵᠠᠢ᠃
              ︽ᠮᠠᠯᠴᠢᠳ ᠡᠪ ᠬᠠᠮᠳᠥ ᠨᠠᠮ ᠢᠶᠠᠨ ᠲᠠᠭᠤᠯᠠᠶ᠎ᠡ︾ ᠭᠡᠬᠦ ᠳᠠᠭᠤᠤ ᠨᠢ ᠡᠬᠢᠯᠡᠬᠦ ᠲᠠᠢ ᠵᠡᠷᠭᠡ ᠡᠯ᠎ᠡ ᠨᠡᠶᠢᠭᠡᠮ ᠲᠣᠭᠤᠷᠢᠭ ᠤᠨ ᠣᠷᠠᠯᠢᠭ ᠤᠨ ᠪᠥᠯᠬᠦᠮ ᠤᠨ ᠵᠠᠭᠤᠨ ᠬᠥᠮᠦᠨ ᠤ ᠠᠨᠳᠠᠢ ᠪᠥᠵᠢᠭ ᠨᠢ ᠦᠵᠡᠭᠴᠢᠳ ᠲᠤ ᠠᠷᠠᠳ ᠤᠨ ᠪᠥᠵᠢᠭ ᠤᠨ ᠤᠷᠠᠯᠢᠭ ᠤᠨ ᠷᠢᠳᠢ ᠰᠢᠳᠢ ᠶᠢ ᠭᠦᠢᠴᠡᠳ  ᠬᠠᠷᠠᠭᠤᠯᠵᠦ᠂ ︽ᠬᠤᠪᠢᠰᠬᠠᠯ ᠤᠨ ᠳᠠᠭᠤᠤ︾᠂ ᠬᠤᠯᠪᠣᠭ᠎ᠠ ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠶ᠎ᠡ︾ ︽ᠮᠤᠨᠢ ᠠᠭᠤᠯᠠ︾᠂ ︽ᠬᠠᠷᠢᠭᠠᠳ ᠢᠷᠡᠯ᠎ᠡ︾ ᠵᠡᠷᠭᠡ ᠲᠣᠭᠯᠠᠯᠲᠠ ᠨᠢ ᠥᠷᠭᠡᠨ ᠣᠯᠠᠨ ᠲᠦᠮᠡᠨ ᠤ ᠳᠤᠮᠳᠠᠳᠤ ᠤᠯᠤᠰ ᠤᠨ ᠡᠪ ᠬᠠᠮᠲᠤ ᠨᠠᠮ ᠳᠠᠭᠠᠨ  ᠴᠢᠩ ᠰᠡᠳᠬᠢᠯ ᠤᠨ ᠬᠠᠶᠢᠷ᠎ᠠ ᠪᠣᠯᠤᠨ ᠨᠠᠮ ᠢᠶᠠᠨ ᠳᠠᠭᠠᠵᠤ ᠶᠠᠪᠤᠬᠤ ᠢᠲᠡᠭᠡᠯ ᠵᠣᠷᠢᠭ ᠢ ᠮᠠᠬᠳᠡᠨ ᠲᠠᠭᠤᠯᠠᠪᠡ᠃ ︽ᠳᠤᠮᠳᠠᠳᠤ ᠶᠢ ᠳᠣᠭᠳᠣᠯᠤᠭᠤᠯᠤᠭᠰᠠᠨ︾ ᠭᠡᠬᠦ ᠵᠠᠭᠤᠨ ᠬᠥᠮᠦᠨ ᠤ ᠪᠥᠵᠢᠭ ᠢᠶᠠᠷ ᠲᠣᠬᠯᠠᠯᠳᠡ ᠥᠨᠳᠥᠷᠯᠡᠪᠡ᠃
              ᠲᠣᠰᠬᠠᠢ ᠲᠠᠯᠠᠪᠤᠷ ᠣᠷᠡᠨ ᠰᠠᠶᠢᠬᠠᠨ ᠤ ᠲᠣᠭᠯᠠᠯᠲᠠ ᠨᠢ ᠨᠠᠮ ᠤᠨ ᠭᠡᠰᠢᠭᠦᠨ ᠣᠯᠠᠨ ᠲᠦᠮᠡᠨ ᠤ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠳᠠᠭᠠᠵᠤ᠂ ᠬᠦᠴᠦᠯᠡᠨ ᠴᠢᠷᠮᠠᠶᠢᠬᠤ᠂ ᠴᠤᠭ ᠵᠢᠪᠬᠤᠭ᠎ᠠ ᠪᠠᠳᠠᠷᠠᠩᠭᠤᠢ᠂ ᠢᠳᠡᠪᠬᠢᠲᠡᠢ ᠤᠷᠤᠭᠰᠢ ᠲᠠᠪᠰᠢᠬᠤ᠂ ᠪᠣᠯᠪᠠᠰᠤᠨ ᠡᠶ᠎ᠡ ᠵᠣᠬᠢᠴᠠᠯ ᠲᠠᠢ ᠪᠠᠶᠢᠬᠤ ᠵᠣᠷᠢᠭ ᠰᠠᠨᠠᠭᠠᠨ ᠤ ᠲᠥᠷᠢ ᠲᠥᠷᠬᠦ ᠶᠢ ᠢᠯᠡᠷᠡᠬᠦᠯᠵᠦ᠂ ᠵᠥᠪ ᠡᠨᠧᠷᠬᠢ ᠶᠢ ᠣᠯᠠᠮᠵᠢᠯᠠᠨ᠂ ᠥᠵᠡᠰᠬᠦᠯᠡᠩᠳᠥ ᠰᠠᠶᠢᠬᠠᠨ ᠢᠷᠡᠭᠡᠳᠦᠢ ᠶᠢ ᠴᠣᠬᠴᠠᠯᠠᠨ ᠪᠠᠶᠢᠭᠤᠯᠬᠤ ᠣᠶᠣᠨ ᠰᠠᠨᠠᠭᠠᠨ ᠤ ᠲᠥᠷᠢ ᠲᠥᠷᠬᠦ ᠶᠢ ᠬᠠᠷᠠᠭᠤᠯᠵᠠᠢ᠃                                 ᠰᠣᠷᠪᠣᠯᠵᠢᠯᠠᠬᠴᠢ᠄ ᠰᠣᠨᠣᠷ  ᠶᠢᠦ ᠮᠢᠩ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号