ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠠᠠᠳᠠᠠᠭᠤᠯᠠ ᠰᠤᠮᠤ ᠶᠢᠨ ᠠᠷᠠᠳ ᠤᠨ ᠵᠠᠰᠠᠭ ᠤᠨ ᠣᠷᠳᠣᠨ ᠤ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2021/7/6
       ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠠᠠᠳᠠᠠᠭᠤᠯᠠ ᠰᠤᠮᠤ ᠶᠢᠨ ᠠᠷᠠᠳ ᠤᠨ ᠵᠠᠰᠠᠭ ᠤᠨ ᠣᠷᠳᠣᠨ ᠪᠣᠯ ᠦᠨᠳᠦᠰᠦᠨ ᠱᠠᠲᠤᠨ ᠤ ᠲᠥᠷᠥ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠪᠠᠶᠢᠵᠤ᠂ ᠵᠢᠩᠬᠢᠨᠢ ᠰᠠᠯᠠᠭᠠᠨ ᠲᠠᠰ ᠪᠣᠯᠤᠨ᠎ᠠ᠃       ᠨᠢᠭᠡ᠂ ᠭᠤᠤᠯ ᠡᠭᠦᠷᠭᠡ ᠬᠠᠷᠢᠭᠤᠴᠠᠯᠭ᠎ᠠ        ︵ᠨᠢᠭᠡ︶ ᠰᠤᠮᠤ ᠶᠢᠨ ᠨᠠᠮ ᠤᠨ ᠬᠤᠷᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ        1. ᠨᠠᠮ ᠪᠠ ᠤᠯᠤᠰ ᠤᠨ ᠬᠤᠯᠪᠣᠭᠳᠠᠯ ᠪᠥᠬᠦᠶ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ᠂ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠰᠤᠮᠤ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ︵ᠨᠠᠮ ᠤᠨ ᠭᠡᠰᠢᠬᠦᠳ ᠤᠨ ᠶᠡᠭᠡ ᠬᠤᠷᠠᠯ︶ ᠤᠨ ᠰᠢᠢᠳᠪᠦᠷᠢ ᠶᠢ ᠪᠥᠬᠦ ᠲᠠᠯ᠎ᠠ ᠪᠠᠷ ᠲᠤᠤᠱᠯᠠᠭᠤᠯᠤᠨ᠎ᠠ︔ ᠰᠤᠮᠤᠨ ᠤ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠶᠠᠷᠢᠯᠴᠠᠨ ᠲᠣᠭᠲᠠᠭᠠᠨ᠎ᠠ᠃        2. ᠰᠤᠮᠤ ᠶᠢᠨ ᠵᠠᠰᠠᠭ ᠤᠨ ᠡᠷᠬᠡᠲᠦ ᠪᠠᠶᠢᠭᠤᠯᠭ᠎ᠠ ᠪᠣᠯᠤᠨ ᠤᠯᠠᠨ ᠲᠦᠮᠡᠨ ᠤ ᠵᠣᠬᠢᠶᠠᠨ ᠪᠠᠶᠢᠭᠤᠯᠤᠯᠲᠠ ᠶᠢ ᠤᠳᠤᠷᠢᠳᠤᠨ᠂ ᠬᠢᠨᠠᠯᠲᠠ ᠲᠠᠯᠪᠢᠵᠤ᠂ ᠡᠳᠡᠭᠡᠷ ᠪᠠᠶᠢᠭᠤᠯᠭ᠎ᠠ ᠪᠣᠯᠤᠨ ᠵᠣᠬᠢᠶᠠᠨ ᠪᠠᠶᠢᠭᠤᠯᠤᠯᠲᠠ ᠶᠢᠨ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠡᠷᠬᠡ ᠲᠤᠰᠢᠶᠠᠯ ᠢᠶᠠᠨ ᠵᠥᠪ ᠢᠶᠠᠷ ᠬᠡᠷᠡᠭᠵᠢᠭᠦᠯᠬᠦ ᠶᠢ ᠳᠡᠮᠵᠢᠬᠦ ᠪᠠ ᠪᠠᠳᠤᠯᠠᠨ᠎ᠠ᠃        3. ᠨᠠᠮ ᠤᠨ ᠬᠤᠷᠢᠶ᠎ᠠ ᠶᠢᠨ ᠲᠣᠰ ᠪᠡᠶ᠎ᠡ ᠶᠢᠨ ᠪᠠᠶᠢᠭᠤᠯᠤᠯᠲᠠ ᠪᠠ ᠨᠠᠮ ᠤᠨ ᠡᠭᠦᠷ ᠢᠶᠠᠷ ᠭᠤᠤᠯᠯᠠᠭᠤᠯᠤᠭᠰᠠᠨ ᠭᠠᠴᠠᠭ᠎ᠠ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠄ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠺᠠᠳ᠋ᠷ ᠬᠥᠮᠦᠵᠢᠭᠦᠯᠬᠦ᠂ ᠰᠢᠯᠢᠨ ᠳᠡᠪᠰᠢᠭᠦᠯᠬᠦ᠂ ᠬᠡᠷᠡᠭᠯᠡᠬᠦ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃        4. ᠰᠤᠮᠤ ᠶᠢᠨ ᠨᠡᠶᠢᠭᠡᠮ ᠵᠢᠷᠤᠮ ᠤᠨ ᠤᠯᠤᠰ ᠲᠦᠷᠦ ᠶᠢᠨ ᠪᠣᠯᠪᠠᠰᠤᠨ᠂ ᠪᠣᠳᠠᠰ ᠤᠨ ᠪᠣᠯᠪᠠᠰᠤᠨ᠂ ᠤᠶᠤᠨ ᠤ ᠪᠣᠯᠪᠠᠰᠤᠨ ᠪᠣᠯᠤᠨ ᠨᠡᠶᠢᠭᠡᠮ ᠤᠨ ᠪᠣᠯᠪᠠᠰᠤᠨ ᠤ ᠪᠠᠶᠢᠭᠤᠯᠤᠯᠲᠠ ᠶᠢ ᠤᠳᠤᠷᠢᠳᠴᠤ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠰᠤᠮᠤ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠢ ᠤᠳᠤᠷᠢᠳᠤᠨ᠎ᠠ᠃        5. ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠴᠠᠭ᠎ᠠ ᠨᠡᠶᠢᠬᠡᠮ ᠲᠣᠭᠤᠷᠢᠭ ᠤᠨ ᠲᠣᠰᠬᠤᠨ ᠤ ᠠᠷᠠᠳ ︵ᠮᠠᠯᠴᠢᠳ︶ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠬᠠᠷᠢᠭᠤᠴᠠᠵᠤ᠂ ᠰᠤᠮᠤ ᠪᠣᠯᠤᠨ ᠭᠠᠴᠠᠭ᠎ᠠ ᠲᠣᠭᠤᠷᠢᠭ ᠤᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠦᠢᠯᠡᠳᠦᠯ ᠢ ᠪᠠᠳᠠᠷᠠᠭᠤᠯᠤᠨ᠎ᠠ︔ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠬᠠᠮᠵᠢᠨ ᠠᠵᠢᠯᠯᠠᠨ᠎ᠠ᠃        6. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃        ︵ᠬᠤᠶᠠᠷ︶ ᠰᠤᠮᠤ ᠶᠢᠨ ᠵᠠᠰᠠᠭ ᠤᠨ ᠣᠷᠳᠣᠨ ᠤ ᠭᠤᠤᠯ ᠡᠭᠦᠷᠭᠡ ᠬᠠᠷᠢᠭᠤᠴᠠᠯᠭ᠎ᠠ        1. ᠮᠠᠯᠵᠢᠬᠤ ᠣᠷᠣᠨ ᠳᠠᠬᠢ ᠨᠠᠮ ᠪᠠ ᠤᠯᠤᠰ ᠤᠨ ᠡᠯ᠎ᠡ ᠵᠦᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠤᠨ ᠲᠤᠬᠠᠶ ᠰᠤᠮᠤ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢᠳᠦ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃        2. ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶ ᠶᠢᠨ ᠠᠵᠢᠯ ᠢ ᠬᠠᠮᠢᠶᠠᠷᠬᠤ ᠪᠠ ᠵᠣᠬᠢᠶᠠᠨ ᠪᠠᠶᠢᠭᠤᠯᠵᠦ ᠵᠣᠬᠢᠴᠠᠭᠤᠯᠬᠤ ᠪᠠᠨ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠶᠢᠨ ᠲᠤᠬᠢᠷᠠᠭᠤᠯᠤᠯᠳᠠ ᠶᠢ ᠲᠥᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠥᠢᠯᠡᠰᠴᠢᠯᠡᠬᠦ ᠠᠬᠢᠴᠠ ᠶᠢ ᠲᠦᠷᠭᠡᠳᠬᠡᠨ᠂ ᠮᠠᠯᠵᠢᠬᠤ ᠣᠷᠣᠨ ᠤ ᠬᠥᠳᠡᠯᠮᠦᠷᠢ ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ ᠬᠤᠲᠠ ᠪᠠᠯᠭᠠᠰᠤ ᠪᠣᠯᠤᠨ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠲᠡᠰᠢ ᠰᠢᠯᠵᠢᠭᠦᠯᠵᠦ᠂ ᠨᠡᠶᠢᠭᠡᠮ ᠵᠢᠷᠤᠮ ᠤᠨ ᠰᠢᠨ᠎ᠡ ᠮᠠᠯᠵᠢᠬᠤ ᠣᠷᠣᠨ ᠤ ᠪᠥᠳᠥᠭᠡᠨ ᠪᠠᠶᠢᠭᠤᠯᠤᠯᠲᠠ ᠶᠢ ᠬᠥᠲᠥᠯᠥᠨ ᠵᠢᠯᠣᠭᠤᠳᠬᠤ ᠪᠠ ᠲᠥᠯᠬᠢᠨ ᠠᠬᠢᠭᠤᠯᠵᠤ᠂ ᠮᠠᠯᠵᠢᠬᠤ ᠣᠷᠣᠨ ᠤ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃        3. ᠤᠯᠤᠰ ᠤᠨ ᠥᠮᠴᠢᠯᠡᠯ ᠤᠨ ᠪᠠ ᠬᠠᠮᠲᠤ ᠶᠢᠨ ᠥᠮᠴᠢᠯᠡᠯ ᠤᠨ ᠡᠳ᠋ ᠬᠦᠷᠦᠩᠭᠡ ᠶᠢ ᠬᠠᠮᠠᠭᠠᠯᠠᠵᠤ᠂ ᠠᠷᠠᠳ ᠢᠷᠭᠡᠨ ᠤ ᠬᠤᠪᠢ ᠶᠢᠨ ᠥᠮᠴᠢᠯᠡᠯ ᠤᠨ ᠬᠠᠤᠯᠢ ᠶᠣᠰᠣᠨ ᠤ ᠡᠳ᠋ ᠬᠦᠷᠦᠩᠭᠡ ᠶᠢ ᠬᠠᠮᠠᠭᠠᠯᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠪᠠ ᠵᠢᠭᠤᠷᠠᠯᠳᠤᠭᠠᠨ ᠢ ᠠᠷᠢᠯᠭᠠᠵᠤ᠂ ᠨᠡᠶᠢᠭᠡᠮ ᠤᠨ ᠡᠮᠬᠢ ᠵᠢᠷᠤᠮ ᠪᠠ ᠲᠣᠭᠲᠠᠭᠤᠨ ᠪᠠᠶᠢᠳᠠᠯ ᠢ ᠬᠠᠮᠠᠭᠠᠯᠠᠵᠤ᠂ ᠠᠷᠠᠳ ᠢᠷᠭᠡᠨ ᠤ ᠠᠵᠢᠯᠳᠠᠨ ᠤ ᠶᠠᠪᠤᠳᠠᠯ ᠤᠨ ᠡᠷᠬᠡ᠂ ᠠᠷᠠᠳᠴᠢᠯᠠᠯ ᠤᠨ ᠡᠷᠬᠡ ᠪᠠ ᠪᠤᠰᠤᠳ ᠡᠷᠬᠡ ᠶᠢ ᠪᠠᠲᠤᠯᠠᠨ᠎ᠠ᠃        4. ᠮᠠᠯᠴᠢᠳ ᠲᠤ ᠮᠡᠳᠡᠭᠡ ᠵᠠᠩᠭᠢ ᠶᠢᠨ ᠦᠢᠯᠡᠴᠢᠯᠡᠭᠡ᠂ ᠠᠵᠢᠯ ᠣᠯᠭᠤᠯᠲᠠ ᠶᠢᠨ ᠦᠢᠯᠡᠴᠢᠯᠡᠭᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠰᠣᠶᠣᠯ᠂ ᠪᠡᠶ᠎ᠡ ᠶᠢᠨ ᠲᠠᠮᠢᠷ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ ᠪᠠ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠬᠠᠩᠭᠠᠨ᠎ᠠ︔ ᠮᠠᠯᠴᠢᠳ ᠤᠨ ᠦᠨᠳᠦᠰᠦᠨ ᠨᠠᠰᠤᠵᠢᠯ ᠤᠨ ᠳᠠᠭᠠᠳᠬᠠᠯ᠂ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠲᠥᠯᠬᠢᠨ ᠠᠬᠢᠭᠤᠯᠤᠨ᠎ᠠ᠃        5. ︽ᠲᠣᠰᠬᠤᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠬᠢᠭᠡᠳ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ᠂ ᠭᠠᠴᠠᠭ᠎ᠠ ᠨᠡᠶᠢᠭᠡᠮ ᠲᠣᠭᠤᠷᠢᠭ ᠤᠨ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠨ᠂ ᠭᠠᠴᠠᠭ᠎ᠠ ᠨᠡᠶᠢᠭᠡᠮ ᠲᠣᠭᠤᠷᠢᠭ ᠤᠨ ᠳᠤᠰᠬᠤᠨ ᠤ ᠠᠷᠠᠳ ︵ᠮᠠᠯᠴᠢᠳ︶ ᠤᠨ ᠵᠥᠪᠯᠡᠯ  ᠤᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠴᠠᠭ᠎ᠠ ᠮᠠᠯᠴᠢᠳ ᠤᠨ ᠵᠥᠪᠯᠡᠯ ᠪᠣᠯᠤᠨ ᠮᠠᠯᠴᠢᠳ ᠤᠨ ᠥᠪᠡᠷ ᠢ ᠪᠠᠨ ᠬᠠᠮᠢᠶᠠᠷᠴᠤ ᠥᠪᠡᠷ ᠤᠨ ᠪᠡᠶ᠎ᠡ ᠳᠤ ᠪᠠᠨ ᠦᠢᠯᠡᠴᠢᠯᠡᠬᠦ ᠰᠠᠨᠠᠭᠠᠴᠢᠯᠠᠭᠠᠲᠤ ᠴᠢᠨᠠᠷ᠂ ᠢᠳᠡᠪᠬᠢᠵᠢᠯ ᠪᠣᠯᠤᠨ ᠪᠦᠲᠦᠭᠡᠯᠴᠢ ᠴᠢᠨᠠᠷ ᠢ ᠳᠠᠶᠢᠴᠢᠯᠠᠨ᠎ᠠ᠃        6. ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠦᠢᠯᠡᠴᠢᠯᠡᠭᠡᠨ ᠤ ᠣᠷᠴᠢᠨ ᠨᠥᠬᠦᠴᠡᠯ᠂ ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠤᠨ ᠰᠢᠯᠢᠳᠡᠭᠵᠢᠭᠦᠯᠦᠨ᠎ᠡ᠃        7. ᠳᠡᠭᠡᠳᠦ ᠱᠠᠲᠤᠨ ᠤ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠯᠦᠭᠡ ᠶᠢᠨ ᠬᠠᠷᠢᠴᠠᠭ᠎ᠠ ᠶᠢ ᠵᠣᠬᠢᠴᠠᠭᠤᠯᠵᠤ᠂ ᠰᠤᠮᠤᠨ ᠤ ᠡᠯ᠎ᠡ ᠵᠦᠢᠯ ᠤᠨ ᠠᠵᠢᠯ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃        8. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃       ᠬᠤᠶᠠᠷ᠂ ᠳᠣᠲᠣᠭᠠᠳᠤ ᠪᠠᠶᠢᠭᠤᠯᠤᠮᠵᠢ        ᠪᠤᠠᠠᠳᠠᠠᠭᠤᠯᠠ ᠰᠤᠮᠤᠨ ᠤ ᠨᠠᠮ ᠵᠠᠰᠠᠭ ᠤᠨ ᠪᠠᠶᠢᠭᠤᠯᠭ᠎ᠠ ᠳᠤ 5 ᠨᠠᠮ ᠵᠠᠰᠠᠭ ᠤᠨ ᠪᠠᠶᠢᠭᠤᠯᠤᠮᠵᠢ ᠲᠠᠢ᠄        1. ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠬᠡᠷ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠤᠨ ᠠᠵᠢᠯ ᠢ ᠬᠠᠷᠢᠭᠤᠴᠠᠨ᠎ᠠ︔ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠳᠦ ᠪᠣᠳᠣᠯᠭ᠎ᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠠᠵᠢᠯᠳᠠᠨ ᠤ ᠶᠠᠪᠤᠳᠠᠯ ᠪᠠ ᠡᠳ᠋ ᠤᠨ ᠵᠠᠰᠠᠭ ᠵᠡᠷᠭᠡ ᠠᠵᠢᠯ ᠢ ᠬᠠᠷᠢᠭᠤᠴᠠᠨ᠎ᠠ᠃        2. ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠤᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ︔ ᠰᠤᠷᠲᠠᠯ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ︔ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃        3. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ︔ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯ ᠢ ᠬᠠᠷᠢᠭᠤᠴᠠᠨ᠎ᠠ︔ ᠠᠮᠢ ᠠᠬᠤᠶ ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ᠃        4. ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ᠃ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ᠃        5. ᠠᠮᠤᠷ ᠳᠤᠭᠳᠠᠭᠤᠨ ᠤ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠲᠣᠣᠷᠵᠢᠭᠤᠯᠬᠤ ᠠᠵᠢᠯ ᠢ ᠬᠠᠷᠢᠭᠤᠴᠠᠨ᠎ᠠ᠃        ᠠᠰ ᠲᠤᠨᠢ ᠠᠷᠠᠳ ᠤᠨ ᠵᠡᠪᠰᠡᠭᠲᠦ ᠬᠦᠴᠦᠨ ᠤ ᠬᠡᠯᠲᠡᠰ ᠢ ᠪᠠᠶᠢᠭᠤᠯᠤᠨ᠎ᠠ᠃ ᠪᠤᠭᠳᠠᠠᠭᠤᠯᠠ ᠰᠤᠮᠤ ᠶᠢᠨ ᠬᠠᠷᠢᠶ᠎ᠠ ᠣᠷᠣᠨ ᠳᠠᠬᠢ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠡᠷᠦᠬᠡ ᠶᠢᠨ ᠴᠡᠷᠢᠭ ᠤᠨ ᠳᠤᠭᠤᠶᠢᠯᠠᠩ ᠨᠡᠶᠢᠯᠡᠬᠦᠯᠬᠦ ᠠᠵᠢᠯ᠂ ᠴᠡᠷᠢᠭ ᠤᠨ ᠪᠤᠯᠪᠠᠰᠤᠷᠠᠯ᠂ ᠴᠡᠷᠢᠭ ᠤᠨ ᠠᠯᠪᠠᠨ ᠳᠤ ᠡᠯᠰᠡᠬᠦ᠂ ᠪᠠᠶᠢᠯᠳᠤᠬᠤ ᠪᠣᠳᠣᠯᠭ᠎ᠠ ᠶᠢᠨ ᠪᠤᠯᠪᠠᠰᠤᠷᠠᠯ᠂ ᠴᠡᠷᠢᠭ ᠤᠨ ᠮᠥᠷᠦ᠋ᠢᠴᠡᠭᠡᠨ ᠢ ᠬᠢᠨᠠᠨ ᠰᠢᠯᠭᠠᠬᠤ ᠵᠡᠷᠭᠡ ᠠᠵᠢᠯ ᠢ ᠬᠠᠷᠢᠭᠤᠴᠠᠨ᠎ᠠ᠃ ᠴᠡᠷᠢᠭ ᠢ ᠵᠣᠬᠢᠶᠠᠨ ᠪᠠᠶᠢᠭᠤᠯᠤᠨ ᠲᠠᠶᠢᠴᠢᠯᠠᠵᠦ᠂ ᠲᠠᠶᠢᠨ ᠤ ᠪᠡᠯᠡᠳᠬᠡᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠡᠭᠦᠷᠭᠡ ᠶᠢ ᠪᠡᠶᠡᠯᠡᠭᠦᠯᠬᠦ ᠶᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠲᠤᠰᠢᠶᠠᠭᠰᠠᠨ ᠠᠵᠢᠯ ᠢ ᠳᠠᠭᠠᠭᠠᠨ ᠭᠦᠢᠴᠡᠳᠬᠡᠨ᠎ᠡ᠃        ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠠᠴᠠ ᠪᠤᠭᠳᠠᠠᠭᠤᠯᠠ ᠰᠤᠮᠤ ᠶᠢᠨ ᠬᠢᠨᠠᠨ ᠪᠠᠶᠢᠴᠠᠭᠠᠬᠤ ᠠᠯᠪᠠᠨ ᠬᠡᠷ ᠢ ᠲᠣᠮᠢᠯᠠᠨ᠎ᠠ᠃ ᠰᠤᠮᠤ ᠶᠢᠨ ᠨᠠᠮ ᠤᠨ ᠬᠤᠷᠢᠶ᠎ᠠ ᠶᠢ ᠬᠠᠮᠵᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠰᠠᠶᠢᠲᠤᠷ ᠠᠳᠬᠤᠨ᠎ᠠ︔ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠬᠠᠤᠯᠢ ᠲᠣᠭᠲᠠᠭᠠᠯ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠬᠠᠷᠢᠭᠤᠴᠠᠨ᠎ᠠ︔ ᠡᠷᠬᠡ ᠣᠯᠭᠤᠯᠲᠠ ᠶᠢ ᠦᠨᠳᠦᠰᠦᠯᠡᠨ᠂ ᠰᠤᠮᠤ ᠶᠢᠨ ᠬᠠᠮᠢᠶᠠᠷᠤᠯᠲᠠ ᠶᠢᠨ ᠬᠡᠪᠴᠢᠶᠡᠨ ᠳᠠᠬᠢ ᠨᠡᠶᠢᠲᠡ ᠶᠢᠨ ᠡᠷᠬᠡ ᠶᠢ ᠬᠡᠷᠡᠭᠵᠢᠭᠦᠯᠵᠦ ᠪᠠᠶᠢᠭ᠎ᠠ ᠠᠯᠪᠠᠨ ᠲᠤᠰᠢᠶᠠᠯᠲᠠᠨ ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠬᠢᠨᠠᠨ ᠪᠠᠶᠢᠴᠠᠭᠠᠬᠤ ᠰᠠᠨᠠᠭᠤᠯᠭ᠎ᠠ ᠳᠤᠷᠠᠳᠤᠨ᠎ᠠ︔ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠢ ᠬᠠᠮᠵᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ︔ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃                                   2019 ᠣᠨ ᠤ 12 ᠰᠠᠷ᠎ᠠ ᠶᠢᠨ 25 ᠤ ᠡᠳᠦᠷ            ᠬᠠᠶ᠋ᠢᠭ᠄ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠᠠᠭᠤᠯᠠ ᠰᠤᠮᠤ        ᠰᠢᠦᠳᠠᠨ ᠳ᠋ᠤᠭᠠᠷ᠄ 021316        ᠠᠵᠢᠯ ᠤᠨ ᠤᠲᠠᠰᠤ᠄ 0470 — 6488001        ᠠᠵᠢᠯᠯᠠᠬᠤ ᠴᠠᠭ᠄ 9᠄ 00 — 12᠄ 00᠂ 14᠄ 30 — 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶                ᠭᠤᠷᠪᠠ᠂ ᠬᠠᠷᠢᠶ᠎ᠠ ᠪᠠᠶᠢᠭᠤᠯᠤᠮᠵᠢ        ︵ᠨᠢᠭᠡ︶ ᠪᠠᠶᠢᠭᠤᠯᠤᠮᠵᠢ ᠶᠢᠨ ᠪᠠᠶᠢᠷᠢᠯᠠᠭᠤᠯᠤᠯᠲᠠ        ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠᠠᠭᠤᠯᠠ ᠰᠤᠮᠤᠨ ᠤ ᠨᠠᠮ ᠤᠨ ᠭᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠᠠᠭᠤᠯᠠ ᠰᠤᠮᠤᠨ ᠤ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠵᠤ᠂ ᠳᠡᠳ᠋ ᠰᠠᠯᠠᠭᠠᠨ ᠲᠠᠰ ᠤᠨ ᠠᠵᠢᠯ ᠦᠢᠯᠡᠰ ᠤᠨ ᠨᠢᠭᠡᠴᠡ ᠲᠠᠢ ᠲᠡᠩᠴᠡᠨ᠎ᠡ᠃        ︵ᠬᠤᠶᠠᠷ︶ ᠭᠤᠣᠯ ᠡᠭᠦᠷᠭᠡ ᠬᠠᠷᠢᠭᠤᠴᠠᠯᠭ᠎ᠠ        ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠷᠥᠯ ᠵᠦᠢᠯ ᠤᠨ ᠪᠦᠬᠦᠯᠢ ᠴᠣᠭᠴᠠ ᠶᠢᠨ ᠲᠣᠬᠢᠷᠠᠭᠤᠯᠤᠯᠲᠠ᠂ ᠵᠤᠬᠢᠴᠠᠭᠤᠯᠭ᠎ᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠬᠠᠷᠢᠶ᠎ᠠ ᠣᠷᠣᠨ ᠤ ᠪᠠᠨ ᠨᠠᠮ ᠤᠨ ᠭᠡᠰᠢᠭᠦᠨ ᠲᠠᠢ ᠬᠠᠷᠢᠯᠴᠠᠬᠤ ᠪᠠ ᠲᠡᠳᠡᠨ ᠳᠤ ᠨᠠᠮ ᠤᠨ ᠭᠡᠰᠢᠬᠦᠨ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠲᠤ ᠦᠢᠯᠴᠡᠶᠢᠯᠡᠬᠦ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ︔ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠶᠡᠷᠦᠩᠬᠡᠶᠢᠯᠡᠨ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ︔ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠶᠢ ᠲᠡᠳᠬᠦᠬᠦ᠂ ᠬᠠᠷᠠᠭᠠᠯᠵᠠᠨ ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ︔ ᠴᠡᠷᠢᠭ ᠢ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ︔ ᠰᠤᠮᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠠᠵᠢᠯ ᠢ ᠬᠠᠷᠢᠭᠤᠴᠠᠨ᠎ᠠ︔ ᠰᠣᠶᠣᠯ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ︔ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃        ︵ᠭᠤᠷᠪᠠ︶ ᠳᠣᠲᠣᠭᠠᠳᠤ ᠪᠠᠶᠢᠭᠤᠯᠤᠮᠵᠢ        ᠰᠢᠨ᠎ᠡ ᠪᠠᠷᠭᠤ ᠪᠠᠷᠠᠭᠤᠨ ᠬᠤᠰᠢᠭᠤᠨ ᠤ ᠲᠡᠯᠡᠶ ᠰᠤᠮᠤ ᠶᠢᠨ ᠨᠠᠮ ᠤᠨ ᠬᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠫᠠᠶᠢᠰᠠ ᠶᠢ ᠡᠯᠭᠦᠪᠡ︶ ᠤᠨ ᠳᠣᠲᠣᠷ᠎ᠠ 4 ᠳᠠᠰᠤᠭ ᠲᠠᠢ᠂ ᠴᠦᠮ ᠳᠠᠰᠤᠭ ᠤᠨ ᠲᠠᠰ᠃        1. ᠨᠠᠮ ᠤᠨ ᠭᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠠᠰᠤᠭ᠄ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠷᠥᠯ ᠵᠦᠢᠯ ᠤᠨ ᠪᠦᠬᠦᠯᠢ ᠴᠣᠭᠴᠠ ᠶᠢᠨ ᠲᠣᠬᠢᠷᠠᠭᠤᠯᠤᠯᠲᠠ ᠵᠤᠬᠢᠴᠠᠭᠤᠯᠭ᠎ᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠬᠠᠷᠢᠶ᠎ᠠ ᠣᠷᠣᠨ ᠤ ᠪᠠᠨ ᠨᠠᠮ ᠤᠨ ᠭᠡᠰᠢᠭᠦᠨ ᠲᠠᠢ ᠬᠠᠷᠢᠯᠴᠠᠬᠤ ᠪᠠ ᠲᠡᠳᠡᠨ ᠳᠤ ᠨᠠᠮ ᠤᠨ ᠭᠡᠰᠢᠬᠦᠨ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠲᠤ  ᠦᠢᠯᠡᠴᠢᠯᠡᠬᠦ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ᠃        2. ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠰᠤᠭ᠄ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠨ ᠵᠥᠪᠰᠢᠶᠡᠷᠡᠯ ᠤᠨ ᠠᠵᠢᠯ ᠢ ᠬᠠᠷᠢᠭᠤᠴᠠᠨ᠎ᠠ᠃        3. ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠠᠰᠤᠭ᠄ ᠴᠡᠷᠢᠭ ᠤᠨ ᠠᠯᠪᠠᠨ ᠠᠴᠠ  ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠡᠳᠬᠦᠬᠦ᠂ ᠬᠠᠷᠠᠭᠠᠯᠵᠠᠨ ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ︔ ᠴᠡᠷᠢᠭ ᠢ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ᠃        4. ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠠᠰᠤᠭ᠄ ᠰᠤᠮᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃        ᠬᠠᠶ᠋ᠢᠭ᠄ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠᠠᠭᠤᠯᠠ ᠰᠤᠮᠤ        ᠰᠢᠦᠳᠠᠨ ᠳ᠋ᠤᠭᠠᠷ᠄ 021316        ᠠᠵᠢᠯ ᠤᠨ ᠤᠲᠠᠰᠤ᠄ 13947029481        ᠠᠵᠢᠯᠯᠠᠬᠤ ᠴᠠᠭ᠄ 9᠄ 00 — 12᠄ 00᠂ 14᠄ 30 — 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶          ︵ᠨᠢᠭᠡ︶ ᠪᠠᠶᠢᠭᠤᠯᠤᠮᠵᠢ ᠶᠢᠨ ᠪᠠᠶᠢᠷᠢᠯᠠᠭᠤᠯᠤᠯᠲᠠ        ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠᠠᠭᠤᠯᠠ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠᠠᠭᠤᠯᠠ ᠰᠤᠮᠤ ᠶᠢᠨ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠵᠤ᠂ ᠳᠡᠳ᠋ ᠰᠠᠯᠠᠭᠠᠨ ᠲᠠᠰ ᠤᠨ ᠠᠵᠢᠯ ᠦᠢᠯᠡᠰ ᠤᠨ ᠨᠢᠭᠡᠴᠡ ᠲᠠᠢ ᠲᠡᠩᠴᠡᠨ᠎ᠡ᠃        ︵ᠬᠤᠶᠠᠷ︶ ᠭᠤᠣᠯ ᠡᠭᠦᠷᠭᠡ ᠬᠠᠷᠢᠭᠤᠴᠠᠯᠭ᠎ᠠ        ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠤᠮᠤᠨ ᠳᠤ ᠣᠯᠭᠤᠭᠰᠠᠨ ᠬᠠᠤᠯᠢ ᠬᠡᠷᠡᠭᠵᠢᠭᠦᠯᠬᠦ ᠡᠷᠬᠡ ᠶᠢ ᠲᠥᠪᠯᠡᠷᠡᠭᠦᠯᠦᠨ ᠬᠡᠷᠡᠭᠵᠢᠭᠦᠯᠵᠦ᠂ ᠰᠤᠮᠤ ᠶᠢᠨ ᠵᠠᠰᠠᠭ ᠤᠨ ᠣᠷᠳᠣᠨ ᠤ ᠨᠡᠷ᠎ᠡ ᠪᠠᠷ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ᠂ ᠮᠠᠯᠵᠢᠬᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ᠂ ᠵᠠᠰᠠᠮᠠᠯ ᠵᠠᠮ ᠤᠨ ᠬᠠᠮᠢᠶᠠᠷᠤᠯᠲᠠ᠂ ᠨᠡᠶᠢᠭᠡᠮ ᠤᠨ ᠠᠪᠤᠷᠠᠨ ᠲᠤᠰᠠᠯᠠᠯᠲᠠ᠂ ᠣᠷᠤᠭ ᠤᠨ ᠳᠡᠩᠰᠡᠯᠡᠯᠲᠡ᠂ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ᠂ ᠭᠤᠤᠯ ᠤᠨ ᠵᠠᠮ ᠤᠨ ᠬᠠᠮᠢᠶᠠᠷᠤᠯᠲᠠ᠂ ᠤᠰᠤ ᠰᠢᠷᠣᠶ ᠶᠢᠨ ᠬᠠᠮᠠᠭᠠᠯᠠᠯᠲᠠ᠂ ᠨᠣᠭᠤᠭᠠᠷᠠᠭᠤᠯᠤᠯᠲᠠ ᠶᠢᠨ ᠬᠠᠮᠢᠶᠠᠷᠤᠯᠲᠠ᠂ ᠭᠡᠷᠡᠯᠲᠦᠭᠦᠯᠭᠡ ᠶᠢᠨ ᠬᠠᠮᠢᠶᠠᠷᠤᠯᠲᠠ᠂ ᠠᠳᠠᠯ ᠠᠬᠤᠶ ᠶᠢᠨ ᠬᠠᠮᠢᠶᠠᠷᠤᠯᠲᠠ ᠵᠡᠷᠭᠡ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠥᠭᠭᠦᠯᠲᠡ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ᠂ ᠵᠠᠰᠠᠭ ᠵᠠᠬᠢᠷᠭᠠᠨ ᠤ ᠨᠤᠲᠠᠯᠠᠯᠲᠠ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ︔ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃        ᠬᠠᠶ᠋ᠢᠭ᠄ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠᠠᠭᠤᠯᠠ ᠰᠤᠮᠤ        ᠰᠢᠦᠳᠠᠨ ᠳ᠋ᠤᠭᠠᠷ᠄ 021316        ᠠᠵᠢᠯ ᠤᠨ ᠤᠲᠠᠰᠤ᠄ 13848807542        ᠠᠵᠢᠯᠯᠠᠬᠤ ᠴᠠᠭ᠄ 9᠄ 00 — 12᠄ 00᠂ 14᠄ 30 — 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠬᠠᠷᠢᠭᠤᠴᠠᠯᠭᠠᠲᠠᠨ᠄ ᠵᠠᠩ ᠴᠠᠩ ᠬᠠᠶ        ︵ᠨᠢᠭᠡ︶ ᠪᠠᠶᠢᠭᠤᠯᠤᠮᠵᠢ ᠶᠢᠨ ᠪᠠᠶᠢᠷᠢᠯᠠᠭᠤᠯᠤᠯᠲᠠ        ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠᠠᠭᠤᠯᠠ ᠰᠤᠮᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠨᠢ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠᠠᠭᠤᠯᠠ ᠰᠤᠮᠤ ᠶᠢᠨ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠵᠤ᠂ ᠳᠡᠳ᠋ ᠰᠠᠯᠠᠭᠠᠨ ᠲᠠᠰ ᠤᠨ ᠠᠵᠢᠯ ᠦᠶ᠋ᠯᠡᠰ ᠤᠨ ᠨᠢᠭᠡᠴᠡ ᠲᠠᠢ ᠲᠡᠩᠴᠡᠨ᠎ᠡ᠃        ︵ᠬᠤᠶᠠᠷ︶ ᠭᠤᠣᠯ ᠡᠭᠦᠷᠭᠡ ᠬᠠᠷᠢᠭᠤᠴᠠᠯᠭ᠎ᠠ        ᠲᠠᠷᠢᠶᠠᠯᠠᠩ᠂ ᠤᠢ ᠰᠢᠭᠤᠶ᠂ ᠮᠠᠯ ᠠᠵᠤ ᠠᠬᠤᠶ᠂ ᠤᠰᠤ᠂ ᠡᠪᠡᠰᠦ ᠵᠡᠷᠭᠡ ᠬᠦᠷᠢᠶᠡᠨ ᠤ ᠲᠧᠭᠨᠢᠭ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ︔ ᠮᠠᠯᠴᠢᠨ ᠲᠠᠷᠢᠶᠠᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ︔ ᠲᠤᠰᠬᠠᠶ ᠮᠡᠷᠭᠡᠵᠢᠯ ᠤᠨ ᠪᠣᠯᠪᠠᠰᠤᠷᠠᠯ᠂ ᠡᠪᠡᠳᠴᠢᠨ ᠬᠤᠷᠣᠬᠠᠶ ᠶᠢ ᠰᠡᠷᠭᠡᠶᠢᠯᠡᠨ ᠵᠠᠰᠠᠬᠤ᠂ ᠠᠮᠢᠳᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ︔ ᠴᠠᠭ ᠠᠭᠤᠷ᠂ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ᠂ ᠮᠠᠯ ᠠᠵᠤ ᠠᠬᠤᠶ ᠮᠠᠯ ᠡᠮᠨᠡᠯᠭᠡ᠂ ᠡᠵᠡᠩᠨᠡᠯᠲᠡ ᠬᠠᠮᠢᠶᠠᠷᠤᠯᠲᠠ ︵ᠭᠠᠴᠠᠭ᠎ᠠ ᠨᠡᠶᠢᠭᠡᠮ ᠲᠣᠭᠤᠷᠢᠭ ᠤᠨ ᠱᠠᠲᠤᠨ ᠤ ᠡᠳ᠋ ᠤᠨ ᠶᠠᠪᠤᠳᠠᠯ ᠢ ᠢᠯᠡ ᠪᠣᠯᠭᠠᠬᠤ ᠠᠵᠢᠯ︶ ᠶᠢ ᠬᠠᠷᠢᠭᠤᠴᠠᠨ᠎ᠠ︔ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃       ᠬᠠᠶ᠋ᠢᠭ᠄ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠᠠᠭᠤᠯᠠ ᠰᠤᠮᠤ ᠶᠢᠨ ᠵᠠᠰᠠᠭ ᠤᠨ ᠣᠷᠳᠣᠨ        ᠰᠢᠤᠳᠠᠨ ᠳ᠋ᠤᠭᠠᠷ᠄ 021316        ᠠᠵᠢᠯ ᠤᠨ ᠤᠲᠠᠰᠤ᠄ 13240844084        ᠠᠵᠢᠯᠯᠠᠬᠤ ᠴᠠᠭ᠄ 9᠄ 00 — 12᠄ 00᠂ 14᠄ 30 — 17᠄ 30 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶      
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ