ᠬᠤᠲᠠ ᠶᠢᠨ ᠲᠠᠰ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠡᠨᠧᠷᠭᠢ ᠶᠢᠨ ᠬᠤᠷᠣᠭᠳᠠᠯ ᠤᠨ ᠵᠠᠳᠠᠯᠤᠯᠲᠠ ᠶᠢᠨ ᠪᠠᠶᠢᠳᠠᠯ ᠢ ᠮᠡᠳᠡᠭᠦᠯᠬᠦ ᠲᠤᠬᠠᠶ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠬᠢᠳᠠᠯ
ᠨᠡᠶᠢᠲᠡᠯᠡᠭᠰᠡᠨ ᠴᠠᠭ᠄
2021/7/7
       ᠬᠤᠲᠠ ᠶᠢᠨ ᠲᠠᠰ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠡᠨᠧᠷᠭᠢ ᠶᠢᠨ ᠬᠤᠷᠣᠭᠳᠠᠯ ᠤᠨ ᠵᠠᠳᠠᠯᠤᠯᠲᠠ ᠶᠢᠨ ᠪᠠᠶᠢᠳᠠᠯ ᠢ ᠮᠡᠳᠡᠭᠦᠯᠬᠦ ᠲᠤᠬᠠᠶ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠬᠢᠳᠠᠯ ᠬᠥᠯᠥᠨ ᠪᠣᠶᠢᠷ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠶᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ  ᠲᠤ᠄        ︽ᠬᠤᠲᠠ ᠶᠢᠨ ᠲᠠᠰ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠡᠨᠧᠷᠭᠢ ᠶᠢᠨ ᠬᠤᠷᠣᠭᠳᠠᠯ ᠤᠨ ᠵᠠᠳᠠᠯᠤᠯᠲᠠ ᠶᠢ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤ ᠨᠠᠷᠢᠨ ᠬᠢᠨᠠᠮᠠᠭᠠᠶ ᠰᠤᠳᠤᠯᠤᠨ ᠮᠠᠭᠠᠳᠯᠠᠵᠤ᠂ ᠪᠣᠳᠠᠲᠠᠶ ᠲᠠᠢ ᠪᠠᠨ ᠤᠶᠠᠯᠳᠤᠭᠤᠯᠤᠨ᠂ ᠣᠲᠣ 9 ᠬᠤᠲᠠ ᠶᠢᠨ ᠲᠠᠰ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠡᠨᠧᠷᠭᠢ ᠶᠢᠨ ᠬᠤᠷᠣᠭᠳᠠᠯ ᠤᠨ ᠵᠠᠳᠠᠯᠤᠯᠲᠠ ᠶᠢᠨ ᠪᠠᠶᠢᠳᠠᠯ ᠢ ᠳᠡᠭᠡᠭᠰᠢ ᠮᠡᠳᠡᠭᠦᠯᠦᠶ᠎ᠡ᠂ ᠬᠢᠨᠠᠨ ᠦᠵᠡᠬᠦ ᠪᠣᠯᠪᠠᠤ᠃        ᠨᠢᠭᠡ᠂ ᠬᠤᠲᠠ ᠶᠢᠨ ᠳᠡᠰ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠡᠨᠧᠷᠭᠢ ᠶᠢᠨ ᠬᠤᠷᠣᠭᠳᠠᠯ ᠤᠨ ᠪᠠᠶᠢᠳᠠᠯ        2021 ᠣᠨ ᠳᠤ ᠮᠠᠨ ᠤ ᠬᠤᠰᠢᠭᠤ 9 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠡᠭᠦᠨ ᠳᠤ ᠠᠭᠤᠷᠬᠠᠢ ᠳᠤ ᠬᠤᠯᠪᠣᠭᠳᠠᠭᠰᠠᠨ ᠲᠥᠷᠥᠯ ᠵᠦᠢᠯ ᠨᠡᠶᠢᠲᠡ 4 ᠪᠠᠶᠢᠵᠤ᠂ ᠡᠨᠧᠷᠭᠢ ᠶᠢᠨ ᠬᠤᠷᠣᠭᠳᠠᠯ ᠤᠨ ᠨᠡᠮᠡᠭᠳᠡᠯ ᠬᠡᠮᠵᠢᠶ᠎ᠡ ᠶᠢᠨ ᠶᠡᠭᠡ ᠪᠠᠭ᠎ᠠ ᠪᠠᠷ ᠨᠢ ᠬᠤᠪᠢᠶᠠᠪᠠᠯ᠄ ᠨᠢᠭᠡ ᠳᠤ᠂ ᠳᠤᠮᠳᠠᠳᠤ ᠤᠯᠤᠰ ᠤᠨ ᠬᠤᠸᠠᠩ ᠶᠢᠨ ᠪᠦᠯᠦᠭᠯᠡᠯ ᠤᠨ ᠥᠪᠥᠷ ᠮᠣᠩᠭᠤᠯ ᠳᠠᠬᠢ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠦᠨᠡᠭᠡᠳᠦ ᠶᠢᠨ ᠠᠭᠤᠯᠠ ᠶᠢᠨ ᠵᠡᠰ ᠮᠤᠯᠢᠪᠳᠧᠨ ᠤ ᠠᠭᠤᠷᠬᠠᠢ ᠶᠢᠨ ᠳᠣᠣᠷ᠎ᠠ ᠵᠡᠰ ᠬᠠᠶᠠᠭᠳᠠᠮᠠᠯ ᠬᠦᠳᠡᠷ ᠤᠨ ᠣᠷᠴᠢᠨ ᠲᠣᠭᠤᠷᠢᠨ ᠤ ᠪᠣᠬᠢᠷᠲᠤᠯ ᠢ ᠤᠷᠢᠳᠴᠢᠯᠠᠨ ᠰᠡᠷᠭᠡᠶᠢᠯᠡᠬᠦ ᠵᠢᠴᠢ ᠡᠬᠢ ᠪᠠᠶᠠᠯᠢᠭ ᠢ ᠶᠡᠷᠦᠩᠬᠡᠶᠢᠯᠡᠨ ᠡᠭᠡᠬᠦᠯᠦᠨ ᠬᠤᠷᠢᠶᠠᠨ ᠠᠰᠢᠭᠯᠠᠬᠤ ᠲᠥᠷᠥᠯ ᠵᠦᠢᠯ ︵ᠠᠩᠬᠠᠳᠤᠭᠠᠷ ᠬᠤᠭᠤᠴᠠᠭ᠎ᠠ︶ ᠪᠤᠯᠤᠨ᠎ᠠ᠂ ᠵᠢᠯ ᠤᠨ ᠶᠡᠷᠦᠩᠭᠡᠢ ᠡᠨᠧᠷᠭᠢ  ᠶᠢᠨ ᠬᠤᠷᠣᠭᠳᠠᠯ ᠤᠨ ᠲᠡᠩᠴᠡᠯ ᠬᠡᠮᠵᠢᠭᠳᠡᠯ ᠨᠢ 24940.08 ᠲᠣᠨ ᠪᠠᠷᠢᠮᠵᠢᠶᠠᠲᠤ ᠨᠡᠭᠦᠷᠡᠰᠦ᠂ ᠲᠡᠩᠴᠡᠭᠦᠦ ᠥᠷᠲᠡᠭ ᠨᠢ 34634.85 ᠲᠣᠨ ᠪᠠᠷᠢᠮᠵᠢᠶᠠᠲᠤ ᠨᠡᠭᠦᠷᠡᠰᠦ ᠪᠣᠯᠤᠨ᠎ᠠ᠃ ᠬᠤᠶᠠᠷ ᠲᠤ᠂ ᠢ ᠱᠧᠩ ᠶᠤᠸᠠᠨ ᠠᠭᠤᠷᠬᠠᠶ ᠶᠢᠨ ᠦᠶᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠭᠦᠨ ᠬᠡᠰᠡᠭ ᠲᠠᠬᠢ ᠠᠭᠤᠷᠬᠠᠶ ᠬᠠᠶᠢᠬᠤ ᠵᠢᠴᠢ ᠮᠡᠷᠭᠡᠵᠢᠯ ᠢ ᠰᠠᠶᠢᠵᠢᠷᠠᠭᠤᠯᠬᠤ ᠲᠥᠷᠥᠯ ᠵᠦᠶᠯ ᠪᠣᠯᠤᠨ᠎ᠠ᠂ ᠲᠣᠰ ᠲᠥᠷᠥᠯ ᠵᠦᠶᠯ ᠨᠢ ᠳᠤᠬᠠᠢ ᠶᠢᠨ ᠵᠢᠯ ᠳᠤ  ᠪᠠᠨ ᠭᠤᠤᠯᠳᠠᠭᠤ ᠠᠭᠤᠷᠬᠠᠶ ᠬᠠᠶᠢᠬᠤ ᠪᠠᠷ ᠭᠤᠤᠯᠯᠠᠵᠦ᠂ ᠵᠢᠯ ᠤᠨ ᠶᠡᠷᠦᠩᠭᠡᠢ ᠡᠨᠧᠷᠭᠢ ᠶᠢᠨ ᠬᠤᠷᠣᠭᠳᠠᠯ ᠨᠢ 1580 ᠲᠣᠨ ᠪᠠᠷᠢᠮᠵᠢᠶᠠᠲᠤ ᠨᠡᠭᠦᠷᠡᠰᠦ ᠪᠣᠯᠤᠨ᠎ᠠ᠃ ᠭᠤᠷᠪᠠ ᠳᠤ᠂ ᠳ᠋ᠠᠴᠢᠩ ᠤᠨ ᠴᠢᠯᠠᠭᠤᠨ ᠲᠣᠰᠣᠨ ᠤ ᠠᠭᠤᠷᠬᠠᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠥᠯᠥᠨ ᠪᠣᠶᠢᠷ ᠲᠠᠬᠢ ᠬᠤᠪᠢᠶᠠᠷᠢ ᠺᠣᠮᠫᠠᠨᠢ ᠶᠢᠨ ᠴᠢᠯᠠᠭᠤᠨ ᠲᠣᠰᠣᠨ ᠤ ᠠᠭᠤᠷᠬᠠᠶ ᠶᠢᠨ ᠦᠷᠭᠦᠯᠵᠢᠯᠡᠨ ᠨᠡᠭᠡᠭᠡᠨ ᠬᠥᠭᠵᠢᠭᠦᠯᠬᠦ ᠲᠥᠷᠥᠯ ᠵᠦᠶᠯ ᠳᠤ᠂ ᠲᠣᠰ ᠲᠥᠷᠥᠯ ᠵᠦᠶᠯ ᠨᠢ ᠭᠤᠤᠯᠳᠠᠭᠤ ᠬᠤᠳᠳᠤᠭ ᠥᠷᠥᠮᠳᠡᠬᠦ ᠪᠠᠷ ᠭᠤᠤᠯᠯᠠᠵᠤ᠂ ᠵᠢᠯ ᠤᠨ  ᠶᠡᠷᠦᠩᠭᠡᠢ ᠡᠨᠧᠷᠭᠢ ᠶᠢᠨ ᠬᠤᠷᠣᠭᠳᠠᠯ  ᠢ 179.9 ᠲᠣᠨ ᠪᠠᠷᠢᠮᠵᠢᠶᠠᠲᠤ ᠨᠡᠭᠦᠷᠡᠰᠦ ᠪᠠᠷ ᠵᠢᠱᠢᠵᠦ ᠪᠣᠶ᠃ ᠳᠥᠷᠪᠡ ᠳᠤ᠂ ᠴᠠᠭᠠᠨ ᠠᠭᠤᠷᠬᠠᠶ ᠶᠢᠨ ᠦᠶᠯᠡᠰ  ᠤᠨ ᠡᠨᠧᠷᠭᠢ ᠶᠢ ᠥᠷᠭᠡᠳᠬᠡᠨ ᠵᠠᠰᠠᠨ ᠰᠢᠨᠡᠳᠭᠡᠬᠦ ᠲᠥᠷᠥᠯ ᠵᠦᠶᠯ ᠪᠤᠯᠤᠨ᠎ᠠ᠂ ᠲᠣᠰ ᠲᠥᠷᠥᠯ ᠵᠦᠶᠯ ᠨᠢ ᠭᠤᠤᠯᠳᠠᠭᠤ ᠲᠥᠬᠦᠭᠡᠷᠦᠮᠵᠢ ᠶᠢ ᠰᠣᠯᠢᠬᠤ ᠪᠠᠷ ᠭᠤᠤᠯᠯᠠᠵᠦ᠂ ᠲᠥᠷᠥᠯ ᠵᠦᠶᠯ ᠤᠨ ᠨᠢᠭᠡᠴᠡ ᠨᠢ ᠶᠠᠭ ᠰᠢᠨᠵᠢᠯᠡᠨ ᠪᠠᠶᠢᠴᠠᠭᠠᠬᠤ ᠪᠠ ᠲᠤᠷᠰᠢᠯᠲᠠ ᠬᠢᠵᠦ ᠪᠠᠶᠢᠬᠤ ᠱᠠᠳᠤᠨ ᠳᠤ ᠪᠠᠨ ᠤᠷᠤᠭᠠᠳ ᠪᠤᠢ᠂ ᠲᠥᠷᠥᠯ ᠵᠦᠶᠯ ᠢ ᠬᠡᠷᠡᠭᠵᠢᠭᠦᠯᠬᠦ  ᠶᠢᠨ ᠲᠣᠭᠲᠠᠭᠠᠯᠲᠤ ᠪᠤᠰᠤ ᠴᠢᠨᠠᠷ ᠨᠡᠯᠢᠶᠡᠳ ᠥᠨᠳᠥᠷ ᠪᠠᠶᠢᠨ᠎ᠠ᠃        ︽ᠠᠮᠢ ᠠᠬᠤᠶ ᠶᠢ ᠤᠷᠢᠳ ᠢᠶᠠᠷ ᠪᠤᠳᠤᠯᠬᠢᠯᠠᠨ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠬᠤ︾ ᠬᠥᠭᠵᠢᠯᠲᠡ  ᠶᠢᠨ ᠪᠠᠶᠢᠷᠢᠰᠢᠯ ᠤᠨ ᠱᠠᠭᠠᠷᠳᠠᠯᠭ᠎ᠠ ᠶᠣᠰᠣᠭᠠᠷ᠂ ᠳᠡᠭᠡᠷ᠎ᠡ ᠳᠤᠷᠠᠳᠤᠭᠰᠠᠨ ᠠᠭᠤᠷᠬᠠᠶ ᠳᠤ ᠬᠤᠯᠪᠣᠭᠳᠠᠬᠤ 4 ᠡᠨᠧᠷᠭᠢ  ᠶᠢᠨ ᠬᠤᠷᠣᠭᠳᠠᠯ ᠤᠨ ᠲᠥᠷᠥᠯ ᠵᠦᠶᠯ ᠢ ᠬᠠᠰᠤᠬᠤ ᠶᠢ ᠰᠠᠨᠠᠭᠤᠯᠪᠠ᠃        ᠬᠤᠶᠠᠷ᠂ ᠨᠥᠭᠡᠴᠡᠯᠡᠬᠦ ᠲᠦᠷᠦᠯ ᠵᠦᠢᠯ ᠤᠨ ᠪᠠᠶᠢᠳᠠᠯ        ᠬᠤᠲᠠ ᠶᠢᠨ ᠳᠡᠰ ᠤᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ ︽ᠬᠤᠲᠠ ᠶᠢᠨ ᠳᠡᠰ ᠤᠨ ᠴᠢᠬᠤᠯᠠ ᠶᠡᠭᠡ ᠲᠥᠷᠥᠯ ᠵᠦᠢᠯ ᠳᠤ ᠣᠷᠣᠭᠤᠯᠬᠤ ᠳᠠᠭᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ 5000 ᠲᠦᠮᠡᠨ ᠲᠥᠭᠦᠷᠢᠭ ᠠᠴᠠ ᠳᠡᠭᠡᠭᠰᠢ ᠪᠠᠶᠢᠵᠦ᠂ ᠠᠵᠤ ᠠᠬᠤᠶᠢᠯᠠᠯ ᠤᠨ ᠪᠠᠯᠠ ᠤᠷᠤᠭᠤᠯᠤᠭᠰᠠᠨ ᠲᠥᠷᠥᠯ ᠵᠦᠶᠯ ᠳ᠋ᠦᠩᠰᠢᠭᠤᠷ ᠲᠥᠭᠦᠷᠢᠭ ᠢ ᠳᠠᠪᠠᠭᠰᠠᠨ ᠲᠥᠷᠥᠯ ᠵᠦᠶᠯ︾᠂ ᠮᠠᠨ ᠤ ᠬᠤᠰᠢᠭᠤᠨ ᠤ ᠲᠤᠰ ᠱᠠᠭᠠᠷᠳᠠᠯᠭ᠎ᠠ ᠳᠤ ᠨᠡᠶᠢᠴᠡᠭᠰᠡᠨ ᠨᠦᠭᠡᠴᠡ ᠲᠦᠷᠦᠯ ᠵᠦᠢᠯ 1 ᠪᠠᠶᠢᠨ᠎ᠠ᠂ ᠳᠠᠷᠤᠢ ᠬᠥᠯᠥᠨ ᠪᠤᠶᠢᠷ ᠤᠨ ᠬᠤᠩᠬᠢᠷᠠᠳ ᠢᠳᠡᠭᠡᠨ ᠤ ᠬᠢᠵᠠᠭᠠᠷᠲᠤ ᠺᠣᠮᠫᠠᠨᠢ ᠶᠢᠨ ᠦᠬᠡᠷ ᠬᠤᠨᠢ ᠨᠢᠲᠤᠯᠬᠤ᠂ ᠪᠣᠯᠪᠠᠰᠤᠷᠠᠭᠤᠯᠬᠤ᠂ ᠰᠡᠯᠡᠬᠦᠴᠡᠨ ᠵᠤᠭᠠᠴᠠᠬᠤ ᠶᠡᠷᠦᠩᠬᠡᠶ ᠴᠣᠭᠴᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠪᠤᠯᠤᠨ᠎ᠠ᠂ ᠡᠭᠦᠨ ᠤ ᠶᠡᠷᠦᠩᠬᠡᠢ ᠪᠡᠯᠡ ᠣᠷᠣᠭᠤᠯᠤᠯᠲᠠ 2.6 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠵᠢᠯ ᠳᠡᠭᠡᠨ 3000 ᠲᠦᠮᠡᠨ ᠲᠥᠭᠦᠷᠢᠭ  ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠂ ᠵᠢᠯ ᠤᠨ ᠶᠡᠷᠦᠩᠭᠡᠢ ᠡᠨᠧᠷᠭᠢ ᠶᠢᠨ ᠬᠤᠷᠣᠭᠳᠠᠯ ᠤᠨ ᠲᠡᠩᠴᠡᠯ ᠬᠡᠮᠵᠢᠭᠳᠡᠯ 843.77 ᠲᠣᠨ ᠪᠠᠷᠢᠮᠵᠢᠶᠠᠲᠤ ᠨᠡᠭᠦᠷᠡᠰᠦ᠂ ᠲᠡᠩᠴᠡᠭᠦᠦ ᠥᠷᠲᠡᠭᠲᠦ 1780.74 ᠲᠣᠨ ᠪᠠᠷᠢᠮᠵᠢᠶᠠᠲᠤ ᠨᠡᠭᠦᠷᠡᠰᠦ᠂ ᠲᠣᠰ ᠲᠥᠷᠥᠯ ᠵᠦᠶᠯ ᠢ ᠬᠤᠲᠠ ᠶᠢᠨ ᠳᠡᠰ ᠤᠨ ᠭᠤᠤᠯᠳᠠᠯᠭ᠎ᠠ ᠲᠠᠢ ᠲᠥᠷᠥᠯ ᠵᠦᠶᠯ ᠳᠤ ᠣᠷᠣᠭᠤᠯᠬᠤ ᠶᠢ ᠰᠠᠨᠠᠭᠤᠯᠤᠶ᠎ᠠ᠂ ᠣᠳᠣᠬᠠᠨ ᠳᠤ ᠲᠤᠰ ᠲᠥᠷᠥᠯ ᠵᠦᠢᠯ ᠨᠢ ᠨᠢᠭᠡᠨᠲᠡ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠪᠢᠴᠢᠭ ᠢ ᠤᠯᠵᠦ᠂ ᠪᠤᠰᠤᠳ ᠭᠠᠷ ᠭᠦᠶᠴᠡᠳᠬᠡᠯ ᠢᠶᠠᠨ ᠬᠦᠢᠴᠡᠳᠭᠡᠵᠦ ᠪᠠᠶᠢᠨ᠎ᠠ᠃ ᠪᠤᠰᠤᠳ 7 ᠨᠥᠭᠡᠴᠡ ᠲᠥᠷᠥᠯ ᠵᠦᠶᠯ ᠤᠨ ᠪᠠᠯᠠ ᠣᠷᠣᠭᠤᠯᠤᠯᠲᠠ ᠨᠢ ᠴᠥᠮ 5000 ᠲᠦᠮᠡᠨ ᠲᠥᠭᠦᠷᠢᠭ ᠠᠴᠠ ᠳᠣᠷᠣᠭᠰᠢ ᠪᠠᠶᠢᠵᠤ᠂ ᠬᠤᠲᠠ ᠶᠢᠨ ᠳᠡᠰ ᠤᠨ ᠭᠤᠤᠯᠳᠠᠯᠭ᠎ᠠ ᠲᠠᠢ ᠲᠥᠷᠥᠯ ᠵᠦᠶᠯ ᠳᠤ ᠣᠷᠣᠭᠤᠯᠬᠤ ᠶᠢᠨ ᠠᠷᠭ᠎ᠠ ᠥᠬᠡᠶ᠃ ᠳᠠᠭᠠᠯᠳᠤᠭᠤᠯᠤᠯ᠄ 1. ᠰᠢᠨ᠎ᠡ ᠪᠠᠷᠭᠤ ᠪᠠᠷᠠᠭᠤᠨ ᠬᠤᠰᠢᠭᠤᠨ ᠤ 2021 ᠣᠨ ᠤ ᠬᠤᠲᠠ ᠶᠢᠨ ᠲᠠᠰ ᠤᠨ ᠭᠤᠤᠯᠳᠠᠯᠭ᠎ᠠ ᠲᠠᠢ ᠲᠥᠷᠥᠯ ᠵᠦᠶᠯ ᠢ ᠲᠥᠰᠦᠪᠯᠡᠨ ᠬᠤᠷᠢᠶᠠᠩᠭᠤᠶᠢᠯᠠᠭᠰᠠᠨ ᠬᠦᠰᠦᠨᠦᠭᠲᠦ                                  2021 ᠣᠨ ᠤ 3 ᠰᠠᠷ᠎ᠠ ᠶᠢᠨ 10 ᠤ ᠡᠳᠦᠷ ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ  ︶              ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                  2021 ᠣᠨ ᠤ 3 ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号