ᠮᠠᠨ ᠤ ᠬᠤᠰᠢᠭᠤᠨ ᠤ ︽ᠬᠠᠤᠯᠢ ᠴᠠᠭᠠᠵᠠ ᠶᠢᠨ ᠲᠦᠭᠡᠮᠡᠯᠵᠢᠭᠦᠯᠦᠯᠲᠡ ᠶᠢᠨ ᠰᠥᠨᠢ ᠶᠢᠨ ᠵᠠᠬ᠎ᠠ︾ ᠬᠠᠤᠯᠢ ᠪᠠᠷ ᠵᠠᠰᠠᠬᠤ ᠤᠬᠠᠭᠤᠯᠭ᠎ᠠ ᠶᠢ ︽ᠬᠠᠤᠯᠢ ᠴᠠᠭᠠᠵᠠ ᠶᠢᠨ ᠲᠦᠭᠡᠮᠡᠯᠵᠢᠭᠦᠯᠦᠯᠲᠡ ᠶᠢᠨ ᠠᠷᠠᠳ ᠲᠤ ᠠᠰᠢᠭ ᠬᠦᠷᠲᠡᠭᠡᠬᠦ ᠵᠠᠳᠠᠭᠠᠢ ᠵᠠᠬ᠎ᠠ︾ ᠪᠣᠯᠭᠠᠨ ᠬᠤᠪᠢᠷᠠᠭᠤᠯᠵᠤ ᠠᠭᠤᠳᠠᠮ ᠲᠠᠯᠠᠪᠠᠶ ᠳᠤ ᠣᠷᠣᠭᠤᠯᠪᠠ
ᠨᠡᠶᠢᠲᠡᠯᠡᠭᠰᠡᠨ ᠴᠠᠭ᠄
2021/7/7
       7 ᠰᠠᠷ᠎ᠠ ᠶᠢᠨ 5 ᠤ ᠣᠷᠣᠶ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠤᠯᠢ ᠪᠠᠷ ᠵᠠᠰᠠᠬᠤ ᠲᠠᠯᠠᠪᠠᠶ ᠳᠤ ᠦᠩᠭᠡ ᠶᠢᠨ ᠳ᠋ᠧᠩ ᠬᠢᠯᠠᠯᠵᠠᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠺᠠᠳ᠋ᠷ ᠣᠯᠠᠨ ᠲᠦᠮᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ︾ ᠶᠢᠨ ᠲᠤᠬᠠᠶ ᠶᠢᠨ ᠲᠠᠯᠠᠪᠠᠶ ᠳᠤ ᠣᠯᠠᠨ ᠦᠵᠡᠭᠴᠢᠳ ᠢᠷᠡᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ︽ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠥᠨᠢ ᠶᠢᠨ ᠵᠠᠬ᠎ᠠ︾ ᠶᠢᠨ ᠠᠵᠢᠯᠯᠠᠭ᠎ᠠ ᠴᠤ ᠳᠠᠭᠤᠤ ᠪᠥᠵᠢᠭ ᠤᠨ ᠠᠭᠤᠷ ᠠᠮᠢᠰᠬᠤᠯ ᠢ ᠳᠠᠭᠠᠯᠳᠤᠨ ᠵᠡᠷᠭᠡ ᠪᠠᠷ ᠡᠬᠢᠯᠡᠪᠡ᠃
       ︽ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠥᠨᠢ ᠶᠢᠨ ᠵᠠᠬ᠎ᠠ︾ ᠨᠢ ᠬᠠᠤᠯᠢ ᠪᠠᠷ ᠵᠠᠰᠠᠬᠤ ᠠᠭᠤᠳᠠᠮ ᠲᠠᠯᠠᠪᠠᠶ ᠶᠢᠨ ᠵᠢᠭᠰᠠᠭᠠᠯ ᠤᠨ ᠭᠠᠵᠠᠷ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠦᠷ᠎ᠡ ᠪᠦᠳᠦᠮᠵᠢ ᠶᠢ ᠤᠯᠠᠮ ᠴᠢᠨᠠᠭᠰᠢᠳᠠ ᠪᠠᠳᠠᠷᠠᠭᠤᠯᠵᠦ᠂ ︽ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠳᠬ᠎ᠠ ᠤᠷᠠᠯᠢᠭ ᠤᠨ ᠬᠠᠮᠲᠤᠷᠠᠭᠰᠠᠨ ᠲᠣᠭᠯᠠᠯᠲᠠ︾ ᠪᠠᠷ ᠠᠵᠠ ᠲᠣᠬᠢᠶᠠᠯ ᠪᠤᠯᠭᠠᠨ᠂ ᠬᠠᠤᠯᠢᠵᠢᠯ ᠤᠨ ᠤᠬᠠᠭᠤᠯᠭ᠎ᠠ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠬᠠᠤᠯᠢᠵᠢᠯ ᠤᠨ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠨᠡᠩ ᠤᠯᠠᠨ ᠤᠯᠠᠨ ᠲᠦᠮᠡᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠦᠢᠯᠡᠳᠦᠯ ᠢ ᠣᠶᠢᠯᠠᠭᠠᠭᠤᠯᠵᠤ᠂ ᠡᠳᠦᠷ ᠳᠤᠳᠤᠮ ᠤᠨ ᠠᠮᠢᠳᠤᠷᠠᠯ ᠳᠠᠬᠢ ᠬᠠᠤᠯᠢ ᠴᠠᠭᠠᠵᠠ ᠶᠢᠨ ᠮᠡᠳᠡᠯᠭᠡ ᠶᠢᠨ ᠴᠡᠭ ᠢ ᠪᠦᠲᠦᠮᠵᠢᠲᠡᠢ ᠲᠦᠭᠡᠮᠡᠯᠵᠢᠬᠦᠯᠦᠨ᠂ ᠬᠠᠤᠯᠢᠵᠢᠯ ᠤᠨ ᠤᠬᠠᠭᠤᠯᠭ᠎ᠠ ᠶᠢ ︽ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠷᠠᠳ ᠲᠤ ᠠᠰᠢᠭ ᠬᠦᠷᠲᠡᠭᠡᠬᠦ ᠵᠠᠳᠠᠭᠠᠢ ᠵᠠᠬ᠎ᠠ︾ ᠪᠣᠯᠭᠠᠨ ᠠᠭᠤᠳᠠᠮ ᠳᠠᠯᠠᠪᠠᠢ ᠳᠤ ᠤᠷᠤᠭᠤᠯᠵᠦ᠂ ᠤᠯᠠᠨ ᠲᠦᠮᠡᠨ ᠢ ᠣᠷᠣᠯᠴᠠᠭᠤᠯᠤᠭᠰᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠪᠤᠯᠭᠠᠨ ᠬᠤᠪᠢᠷᠠᠭᠤᠯᠵᠠᠢ᠃
       ᠠᠵᠢᠯᠯᠠᠭ᠎ᠠ ᠶᠢᠨ ᠳᠤᠮᠳᠠ᠂ ᠤᠬᠠᠭᠤᠯᠤᠭᠴᠢ ᠠᠴᠠ ᠤᠷᠠᠨ ᠰᠠᠶᠢᠬᠠᠨ ᠤ ᠬᠠᠮᠳᠤᠷᠠᠭᠰᠠᠨ ᠲᠣᠭᠯᠠᠯᠲᠠ ᠶᠢ ᠰᠣᠨᠢᠷᠬᠠᠭᠰᠠᠨ ᠤᠯᠠᠨ ᠲᠦᠮᠡᠨ ᠳᠤ ᠢᠷᠭᠡᠨ ᠤ ᠬᠠᠤᠯᠢ ᠶᠢᠨ ᠪᠢᠴᠢᠭ᠂ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢ ᠠᠬᠢᠭᠤᠯᠬᠤ ᠲᠦᠷᠢᠮ᠂ ᠦᠨᠳᠦᠰᠦᠨ ᠬᠠᠤᠯᠢ᠂ ᠤᠯᠤᠰ ᠤᠨ ᠨᠢᠭᠡᠳᠦᠯᠳᠡᠢ ᠬᠡᠷᠡᠭᠯᠡᠬᠦ ᠦᠭᠡ ᠬᠡᠯᠡ ᠦᠰᠦᠭ ᠪᠢᠴᠢᠭ ᠵᠡᠷᠭᠡ ᠬᠠᠤᠯᠢ ᠴᠠᠭᠠᠵᠠ ᠶᠢ ᠲᠦᠭᠡᠮᠡᠯᠵᠢᠭᠦᠯᠬᠦ ᠨᠣᠮ ᠪᠢᠴᠢᠭ ᠢ ᠲᠠᠷᠬᠠᠭᠠᠪᠠ᠃ ᠡᠭᠦᠨ ᠤ ᠬᠠᠮᠲᠤ ᠨᠣᠮ ᠳᠣᠲᠣᠷᠠᠬᠢ ᠪᠣᠳᠠᠲᠠᠶ ᠬᠡᠷᠡᠭ ᠤᠨ ᠵᠢᠱᠢᠶ᠎ᠡ ᠶᠢ ᠠᠰᠢᠭᠯᠠᠨ᠂ ᠬᠡᠷᠡᠭ ᠢᠶᠠᠷ ᠬᠠᠤᠯᠢ ᠲᠠᠶᠢᠯᠪᠤᠷᠢᠯᠠᠬᠤ᠂ ᠠᠰᠠᠭᠤᠯᠲᠠ ᠬᠠᠷᠢᠭᠤᠯᠬᠤ ᠵᠡᠷᠭᠡ ᠬᠡᠯᠪᠡᠷᠢ ᠪᠠᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠠᠳᠠᠯᠢ ᠪᠤᠰᠤ ᠪᠠᠶᠢᠳᠠᠯ ᠢ ᠦᠨᠳᠦᠰᠦᠯᠡᠨ᠂ ᠬᠠᠤᠯᠢ ᠴᠠᠭᠠᠵᠠ ᠶᠢᠨ ᠲᠣᠪᠴᠢᠶ᠎ᠠ ᠳᠤ ᠬᠦᠷᠴᠦ ᠬᠠᠤᠯᠢ ᠴᠠᠭᠠᠵᠠ ᠶᠢᠨ ᠲᠤᠰᠠᠯᠠᠮᠵᠢ᠂ ᠠᠷᠠᠳ ᠤᠨ ᠡᠶᠡᠳᠡᠭᠦᠯᠭᠡ᠂ ᠠᠯᠪᠠᠨ ᠭᠡᠷᠡᠴᠢᠯᠡᠭᠡ ᠬᠢᠯᠭᠡᠬᠦ ᠪᠠᠷ ᠭᠤᠶᠤᠴᠢᠯᠠᠬᠤ ᠪᠠ ︽ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ︾ ᠤ ᠸᠢᠴᠠᠲ ᠤᠨ ᠨᠡᠶᠢᠲᠡ ᠶᠢᠨ ᠳᠠᠪᠴᠠᠩ ᠢ ᠠᠩᠬᠠᠷᠴᠤ᠂ ᠲᠡᠳᠡᠨ ᠳᠤ ᠡᠯ᠎ᠡ ᠲᠥᠷᠥᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠳᠡᠯᠦᠯ ᠪᠠᠶᠢᠳᠠᠯ ᠢ ᠴᠠᠭ ᠲᠤᠬᠠᠶ ᠳᠤᠨᠢ ᠣᠶᠢᠯᠠᠭᠠᠭᠤᠯᠵᠤ᠂ ᠡᠯ᠎ᠡ ᠲᠥᠷᠥᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠸᠢᠳᠢᠣ᠋ ᠶᠢ ᠦᠵᠡᠬᠦᠯᠬᠦ ᠶᠢ ᠬᠦᠳᠦᠯᠦᠨ ᠵᠢᠯᠤᠭᠤᠳᠤᠭᠰᠠᠨ ᠪᠠᠶᠢᠨ᠎ᠠ᠃
       ᠠᠵᠢᠯᠯᠠᠭ᠎ᠠ ᠨᠢ ᠪᠠᠰᠠ ︽ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠤᠬᠠᠭᠤᠯᠭ᠎ᠠ ᠳᠤ ᠬᠦᠴᠦᠨ ᠨᠡᠮᠡᠷᠢᠯᠡᠬᠦ︾ ᠪᠠᠷ ᠬᠠᠷᠠᠯᠲᠠ ᠪᠣᠯᠭᠠᠵᠤ᠂ ᠣᠯᠠᠨ ᠲᠦᠮᠡᠨ ᠲᠠᠢ ᠬᠠᠮᠲᠤ ᠪᠠᠷ ︽ᠦᠨᠳᠦᠰᠦᠲᠡᠨ ᠤ ᠪᠦᠯᠬᠦᠮᠳᠡᠯ ᠤᠨ ᠭᠤᠤᠯ ᠬᠥᠭ ᠠᠶᠠᠰ ᠢ ᠬᠠᠩᠭᠢᠨᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠶ᠎ᠡ︾ ᠭᠡᠬᠦ ᠭᠤᠤᠯ ᠰᠡᠳᠦᠪᠲᠦ ᠺᠢᠨᠣ᠋ ᠶᠢᠨ ᠠᠭᠤᠯᠭ᠎ᠠ ᠶᠢ ᠰᠣᠨᠢᠷᠬᠠᠪᠠ᠃ ᠨᠢᠭᠤᠷᠳᠠᠨ ᠰᠣᠯᠢᠯᠴᠠᠬᠤ ᠪᠠᠷ ᠳᠠᠮᠵᠢᠨ᠂ ᠬᠠᠤᠯᠢ ᠪᠠᠷ ᠵᠠᠰᠠᠬᠤ ᠰᠣᠶᠣᠯ ᠤᠨ ᠤᠯᠠᠮᠵᠢᠯᠠᠨ ᠲᠠᠷᠬᠠᠭᠠᠬᠤ ᠬᠦᠴᠦᠨ ᠪᠠ ᠨᠥᠯᠥᠭᠡᠯᠡᠬᠦ ᠬᠦᠴᠦᠨ ᠢ ᠦᠨᠡᠨ ᠬᠦ ᠴᠢᠩᠭᠠᠷᠠᠭᠤᠯᠤᠭᠰᠠᠨ ᠪᠥᠭᠡᠳ ᠪᠠᠰᠠ ᠥᠷᠭᠡᠨ ᠤᠯᠠᠨ ᠲᠦᠮᠡᠨ ᠳᠤ ᠣᠨᠴᠠᠭᠠᠶ ︽ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠥᠨᠢ ᠶᠢᠨ ᠵᠠᠬ᠎ᠠ︾  ᠶᠢᠨ ᠦᠢᠯᠡᠴᠢᠯᠡᠭᠡ ᠶᠢ ᠮᠡᠳᠡᠷᠡᠭᠦᠯᠵᠦ᠂ ᠬᠠᠤᠯᠢ ᠪᠠᠷ ᠵᠠᠰᠠᠬᠤ ᠰᠣᠶᠣᠯ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃
                 ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号