7 ᠰᠠᠷ᠎ᠠ ᠶᠢᠨ 7 ᠤ ᠡᠳᠦᠷ᠂ ᠪᠤᠶᠢᠷ ᠰᠤᠮᠤ ᠨᠠᠮ ᠤᠨ ᠪᠠᠶᠢᠭᠤᠯᠤᠯᠲᠠ ᠵᠢᠴᠢ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ | | | | ᠬᠤᠷᠠᠯ ᠠᠴᠠ ︽ᠪᠤᠶᠢᠷ ᠰᠤᠮᠤ ᠶᠢᠨ ᠨᠠᠮ ᠤᠨ ᠬᠤᠷᠢᠶᠠᠨ ᠤ ᠬᠠᠭᠠᠰ ᠵᠢᠯ ᠤᠨ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ᠠᠵᠢᠯ ᠤᠨ ᠳ᠋ᠦᠩᠨᠡᠯᠲᠡ ᠪᠠ ᠳᠠᠷᠠᠭᠠᠴᠢ ᠶᠢᠨ ᠠᠯᠬᠤᠮ ᠤᠨ ᠲᠥᠯᠥᠪᠯᠡᠭᠡ︾᠂ ︽ᠪᠤᠶᠢᠷ | ᠰᠤᠮᠤ ᠶᠢᠨ ᠨᠠᠮ ᠤᠨ ᠬᠤᠷᠢᠶᠠᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠭᠠᠰ ᠵᠢᠯ ᠤᠨ ᠳ᠋ᠦᠩᠨᠡᠯᠲᠡ | ᠪᠠ ᠳᠠᠷᠠᠭᠠᠴᠢ ᠶᠢᠨ ᠠᠯᠬᠤᠮ ᠤᠨ ᠠᠵᠢᠯ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠵᠠᠳᠠᠯᠤᠨ | ᠰᠤᠳᠤᠯᠵᠤ ᠮᠠᠭᠠᠳᠯᠠᠭᠰᠠᠨ ᠮᠡᠳᠡᠭᠦᠯᠦᠯᠲᠡ︾᠂ ︽2021 ᠣᠨ ᠤ ᠳᠡᠭᠡᠷ᠎ᠡ ᠬᠠᠭᠠᠰ ᠵᠢᠯ ᠤᠨ ᠪᠤᠶᠢᠷ ᠰᠤᠮᠤ ᠶᠢᠨ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ︾᠂ ︽2021 ᠣᠨ ᠤ ᠳᠡᠭᠡᠷ᠎ᠡ ᠬᠠᠭᠠᠰ ᠵᠢᠯ ᠤᠨ ᠪᠤᠶᠢᠷ | ᠰᠤᠮᠤ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ︾ | ᠶᠢ ᠬᠢᠨᠠᠨ ᠰᠣᠨᠣᠰᠪᠠ᠃ | | | | | | | | ᠬᠤᠷᠠᠯ ᠠᠴᠠ ᠵᠢᠭᠠᠵᠤ ᠭᠠᠷᠭᠠᠭᠰᠠᠨ ᠨᠢ᠂ 2021 ᠣᠨ ᠠᠴᠠ ᠨᠠᠰᠢ᠂ ᠤᠳᠤᠷᠢᠳᠬᠤ ᠪᠠᠭ ᠤᠨ ᠡᠯ᠎ᠡ | ᠭᠡᠰᠢᠭᠦᠨ᠂ ᠪᠥᠬᠦ ᠺᠠᠳ᠋ᠷ ᠠᠵᠢᠯᠲᠠᠳ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠨᠠᠮ ᠤᠨ ᠭᠡᠰᠢᠭᠦᠨ ᠺᠠᠳ᠋ᠷᠴᠤᠳ ᠤᠨ | ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠦᠵᠡᠯ ᠰᠠᠨᠠᠭ᠎ᠠ ᠪᠠᠷ ᠵᠡᠪᠰᠡᠭᠯᠡᠬᠦ ᠶᠢ ᠲᠠᠰᠤᠷᠠᠯᠲᠠ | ᠥᠬᠡᠶ ᠴᠢᠩᠭᠠᠳᠬᠠᠨ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ | ᠪᠣᠯᠪᠠᠰᠤᠷᠠᠯ ᠲᠠᠢ ᠺᠠᠳ᠋ᠷᠴᠤᠳ ᠢ ᠬᠦᠴᠦᠯᠡᠨ ᠬᠥᠮᠦᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠤᠯᠠᠮ ᠨᠢᠭᠡ ᠠᠯᠬᠤᠮ ᠴᠢᠩᠭᠠᠷᠠᠵᠤ᠂ ᠵᠣᠬᠢᠶᠠᠨ ᠪᠠᠶᠢᠭᠤᠯᠬᠤ | ᠬᠦᠴᠦᠨ ᠤᠯᠠᠮ ᠨᠢᠭᠡ ᠠᠯᠬᠤᠮ ᠳᠡᠭᠡᠭᠰᠢᠯᠡᠪᠡ︔ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ | ᠶᠡᠬᠡᠪᠡᠷ ᠪᠠᠳᠠᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠰᠠᠨᠠᠭᠠᠴᠢᠯᠠᠭᠠᠲᠤ | ᠡᠷᠬᠡ ᠶᠢ ᠪᠠᠲᠤ ᠪᠠᠬᠢ ᠡᠵᠡᠮᠰᠢᠪᠡ︔ ᠨᠢᠭᠡᠳᠦᠮᠡᠯ ᠹᠷᠣᠨᠲ ᠤᠨ ᠰᠡᠳᠬᠢᠯ ᠢ ᠨᠢᠭᠲᠠᠷᠠᠭᠤᠯᠤᠨ ᠬᠦᠴᠦᠨ ᠢ | ᠲᠥᠪᠯᠡᠷᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ | ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠵᠦ᠂ | ᠦᠨᠳᠦᠰᠦᠲᠡᠨ ᠤ ᠠᠵᠢᠯ ᠤᠨ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠳᠤ ᠦᠢᠯᠡᠴᠢᠯᠡᠬᠦ | ᠲᠠᠯ᠎ᠠ ᠪᠠᠷ ᠬᠢ ᠳᠠᠪᠠᠭᠤᠯᠢᠭ ᠢ ᠲᠠᠰᠤᠷᠠᠯᠲᠠ ᠦᠭᠡᠢ ᠢᠯᠡᠷᠡᠭᠦᠯᠪᠡ ᠭᠡᠵᠡᠢ᠃ | | | | ᠬᠤᠷᠠᠯ ᠠᠴᠠ᠂ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠢ ᠬᠠᠮᠢᠶᠠᠷᠴᠤ | ᠨᠠᠮ ᠢ ᠵᠠᠰᠠᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠨ᠂ ᠤᠯᠤᠰ | ᠲᠦᠷᠦ ᠶᠢᠨ ᠪᠠᠶᠢᠭᠤᠯᠤᠯᠲᠠ ᠪᠠᠷ ᠨᠢᠭᠡᠳᠦᠯᠲᠡᠢ ᠵᠢᠯᠤᠭᠤᠳᠤᠯᠭ᠎ᠠ ᠪᠣᠯᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠦᠨ᠂ ᠦᠵᠡᠯ ᠰᠠᠨᠠᠭᠠᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠦᠰᠡᠯᠡᠩ ᠢᠲᠡᠭᠡᠯ | ᠪᠢᠰᠢᠷᠡᠯ ᠤᠨ ᠰᠠᠭᠤᠷᠢ ᠶᠢ ᠪᠠᠲᠤᠳᠬᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠤᠷᠳᠤ | ᠬᠤᠭᠤᠴᠠᠭ᠎ᠠ ᠪᠠᠷ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ | ᠲᠠᠰᠤᠷᠠᠯᠳᠡ ᠦᠭᠡᠢ ᠪᠤᠢ ᠪᠣᠯᠭᠠᠬᠤ ᠬᠡᠷᠡᠭᠲᠡᠢ︔ ᠬᠤᠶᠠᠷ ᠲᠤ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ | ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠵᠣᠬᠢᠶᠠᠨ ᠪᠠᠶᠢᠭᠤᠯᠬᠤ ᠠᠵᠢᠯ ᠤᠨ ᠶᠠᠰᠤ ᠴᠢᠨᠠᠷ ᠪᠣᠯᠤᠨ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠶᠢ | ᠦᠷᠭᠦᠯᠵᠢᠯᠡᠨ ᠠᠬᠢᠭᠤᠯᠵᠤ᠂ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠬᠥᠭᠵᠢᠯᠲᠡ ᠲᠠᠢ ᠪᠣᠯᠬᠤ ᠶᠢ ᠦᠨᠡᠨᠬᠦ | ᠠᠬᠢᠭᠤᠯᠬᠤ ᠬᠡᠷᠡᠭᠲᠡᠢ︔ ᠭᠤᠷᠪᠠ ᠳᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠨᠠᠮ ᠤᠨ | ᠪᠠᠶᠢᠭᠤᠯᠤᠯᠲᠠ ᠶᠢᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢ ᠠᠳᠬᠤᠬᠤ | ᠴᠢᠳᠠᠪᠤᠷᠢ ᠶᠢ ᠳᠡᠭᠡᠭᠰᠢᠯᠡᠭᠦᠯᠵᠦ᠂ ᠬᠢᠨᠠᠨ ᠵᠢᠯᠣᠭᠤᠳᠴᠤ ᠬᠢᠨᠠᠨ ᠰᠢᠯᠭᠠᠬᠤ ᠶᠢ ᠴᠢᠩᠭᠠᠳᠬᠠᠬᠤ ᠬᠡᠷᠡᠭᠲᠡᠢ ᠭᠡᠵᠦ | ᠴᠢᠩᠭᠠᠳᠬᠠᠪᠠ᠃ | | | | | ᠣᠷᠴᠢᠭᠤᠯᠤᠭᠴᠢ᠄ ᠦᠷᠴᠠᠶᠢᠬᠤ | | |