ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠭᠦᠶ᠎ᠡ \ ᠪᠤᠳᠠᠭᠠᠳᠦ ᠭᠠᠴᠠᠭ᠎ᠠ ᠳᠤ ᠬᠠᠮᠲᠤ ᠶᠢᠨ ᠨᠤᠲᠤᠭ ᠪᠡᠯᠴᠢᠭᠡᠷ ᠢ ᠳᠤᠷ᠎ᠠ ᠪᠠᠷ ᠢᠶᠠᠨ ᠬᠠᠰᠢᠶᠠᠯᠠᠭᠰᠠᠨ ᠡᠪᠡᠰᠦᠨ  ᠬᠦᠷᠢᠶ᠎ᠡ ᠶᠢ ᠨᠤᠷᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/7/8
       ᠭᠠᠴᠠᠭ᠎ᠠ ᠶᠢᠨ ᠬᠠᠮᠲᠤ ᠶᠢᠨ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠵᠤ᠂ ᠳᠤᠷ᠎ᠠ ᠪᠠᠷ ᠢᠶᠠᠨ ᠬᠠᠰᠢᠶᠠᠯᠠᠵᠦ ᠡᠵᠡᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠥᠯᠥᠭᠡ᠂ 7 ᠰᠠᠷ᠎ᠠ ᠶᠢᠨ 5 ᠤ ᠡᠳᠦᠷ᠂ ᠪᠤᠶᠢᠷ ᠰᠤᠮᠤ ᠶᠢᠨ ᠪᠤᠳᠠᠭᠠᠳᠦ ᠭᠠᠴᠠᠭ᠎ᠠ ᠶᠢᠨ ︽ᠬᠤᠶᠠᠷ ᠵᠥᠪᠯᠡᠯ︾ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠳᠤᠷ᠎ᠠ ᠪᠠᠷ ᠢᠶᠠᠨ ᠬᠠᠰᠢᠶᠠᠯᠠᠭᠰᠠᠨ ᠡᠪᠡᠰᠦᠨ ᠬᠦᠷᠢᠶ᠎ᠡ ᠶᠢ ᠨᠤᠷᠠᠭᠠᠬᠤ ᠠᠵᠢᠯᠯᠠᠭ᠎ᠠ ᠶᠢ ᠥᠷᠨᠢᠭᠦᠯᠪᠡ᠃
           ᠲᠣᠰ ᠤᠳᠠᠭᠠᠨ ᠤ ᠬᠠᠮᠲᠤᠷᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠭᠠᠴᠠᠭᠠᠨ ᠤ ᠬᠠᠮᠲᠤ ᠶᠢᠨ ᠨᠤᠲᠤᠭ ᠪᠡᠯᠴᠢᠭᠡᠷ ᠤᠨ ᠬᠡᠪᠴᠢᠶᠡᠨ ᠳᠠᠬᠢ ᠣᠯᠠᠨ ᠭᠠᠵᠠᠷ ᠲᠤ ᠲᠣᠭᠲᠠᠭᠠᠯ ᠠᠴᠠ ᠵᠥᠷᠢᠴᠡᠨ ᠳᠠᠳᠠᠭᠰᠠᠨ ᠡᠪᠡᠰᠦᠨ ᠬᠦᠷᠢᠶ᠎ᠡ ᠶᠢ ᠴᠡᠪᠡᠷᠯᠡᠨ ᠠᠷᠢᠯᠭᠠᠵᠤ᠂ ᠨᠤᠲᠤᠭ ᠪᠡᠯᠴᠢᠭᠡᠷ ᠢ ᠡᠵᠡᠯᠡᠬᠦ᠂ ᠠᠮᠢ ᠠᠬᠤᠶ ᠶᠢ ᠡᠪᠳᠡᠬᠦ᠂ ᠢᠯᠡ ᠪᠠᠷ ᠲᠣᠭᠲᠠᠭᠠᠯ ᠠᠴᠠ ᠵᠥᠷᠢᠴᠡᠨ ᠪᠥᠲᠥᠭᠡᠨ ᠪᠠᠶᠢᠭᠤᠯᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠮᠲᠤ ᠶᠢᠨ ᠨᠤᠲᠤᠭ ᠪᠡᠯᠴᠢᠭᠡᠷ ᠢ ᠴᠡᠭᠴᠡᠯᠡᠨ ᠵᠠᠰᠠᠬᠤ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠠᠵᠢᠯ ᠢ ᠪᠦᠲᠦᠮᠵᠢᠲᠡᠶ ᠳᠥᠯᠭᠢᠨ ᠠᠬᠢᠭᠤᠯᠪᠠ᠃
         ᠵᠠᠯᠭᠠᠭᠠᠳ ᠪᠤᠳᠠᠭᠠᠳᠦ ᠭᠠᠴᠠᠭ᠎ᠠ ᠶᠢᠨ ᠬᠢᠨ ᠲᠣᠭᠲᠠᠭᠠᠯ ᠠᠴᠠ ᠵᠥᠷᠢᠴᠡᠨ ᠳᠠᠳᠠᠭᠰᠠᠨ ᠡᠪᠡᠰᠦᠨ ᠬᠦᠷᠢᠶ᠎ᠡ ᠶᠢ ᠦᠷᠭᠦᠯᠵᠢᠯᠡᠨ ᠴᠡᠪᠡᠷᠯᠡᠵᠦ᠂ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠠᠴᠠᠭ᠎ᠠ ᠶᠢᠨ ᠬᠠᠮᠲᠤ ᠶᠢᠨ ᠨᠤᠲᠤᠭ ᠪᠡᠯᠴᠢᠭᠡᠷ ᠤᠨ ᠡᠷᠬᠡ ᠠᠰᠢᠭ ᠢ ᠬᠠᠮᠠᠭᠠᠯᠠᠵᠤ᠂ ᠭᠠᠴᠠᠭ᠎ᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ᠎ᠠ︔ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠮᠠᠯᠴᠢᠨ ᠲᠦᠮᠡᠨ ᠤ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠬᠠᠤᠯᠢ ᠴᠠᠭᠠᠵᠠ ᠶᠢᠨ ᠦᠵᠡᠯ ᠤᠬᠠᠮᠰᠠᠷ ᠢ ᠦᠨᠡᠨᠬᠦ ᠴᠢᠩᠭᠠᠳᠬᠠᠵᠦ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠴᠢᠩᠭᠠᠷᠠᠭᠤᠯᠤᠨ᠂ ᠤᠯᠠᠨ ᠲᠦᠮᠡᠨ ᠢᠯᠡᠴᠢᠯᠡᠨ ᠮᠡᠳᠡᠭᠦᠯᠬᠦ ᠪᠠ ᠬᠥᠳᠡᠯᠦᠩᠭᠦᠶ ᠪᠠᠷ ᠲᠣᠭᠤᠷᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠢ ᠬᠠᠤᠯᠢ ᠪᠤᠰᠤ ᠪᠠᠷ ᠡᠪᠳᠡᠭᠰᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠢᠭᠡ ᠣᠯᠵᠤ ᠮᠡᠳᠡᠪᠡᠯ ᠨᠢᠭᠡ ᠶᠢ ᠴᠡᠭᠴᠡᠯᠡᠨ ᠵᠠᠰᠠᠬᠤ ᠶᠢ ᠡᠷᠡᠰ ᠪᠡᠶᠡᠯᠡᠭᠦᠯᠵᠦ᠂ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠬᠦ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠵᠤ᠂ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠢ ᠦᠨᠡᠨᠬᠦ ᠬᠠᠮᠠᠭᠠᠯᠠᠵᠤ᠂ ᠭᠠᠴᠠᠭ᠎ᠠ ᠲᠣᠰᠬᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠠᠬᠢᠵᠢᠬᠦᠯᠦᠨ᠎ᠡ᠃             ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号