ᠠᠯᠳ᠋ᠬᠠᠮᠡᠭᠡᠯ ᠪᠠᠯᠭᠠᠰᠦ ᠶᠢᠨ ᠡᠷᠳᠡᠨᠢᠠᠭᠤᠯᠠ ᠨᠡᠶᠢᠭᠡᠮ ᠲᠣᠭᠤᠷᠢᠭ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/7/8
       ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠭᠡᠷ ᠪᠦᠯᠢ ᠶᠢᠨ ᠡᠶ᠎ᠡ ᠨᠠᠶᠢᠷᠠᠮᠳᠠᠭᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 5 ᠤ ᠡᠳᠦᠷ᠂ ᠠᠯᠳ᠋ᠬᠠᠮᠡᠭᠡᠯ ᠪᠠᠯᠭᠠᠰᠦ ᠶᠢᠨ ᠡᠷᠳᠡᠨᠢᠠᠭᠤᠯᠠ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠤᠭᠠᠳᠦ ᠬᠤᠷᠠᠯ ᠬᠤᠰᠢᠭᠤᠨ ᠤ ᠰᠡᠭᠡᠭᠡᠳᠡᠨ ᠠᠭᠤᠳᠠᠮ ᠲᠠᠯᠠᠪᠠᠶ ᠳᠤ ︽︿ᠢᠷᠭᠡᠨ ᠤ ᠬᠠᠤᠯᠢ ᠶᠢᠨ ᠪᠢᠴᠢᠭ﹀ ᠳᠠᠬᠢ ᠣᠷᠤᠭ ᠬᠡᠷ ᠪᠦᠯᠢ ᠶᠢᠨ ᠠᠭᠤᠯᠭ᠎ᠠ ᠶᠢ ᠰᠤᠷᠤᠯᠴᠠᠵᠤ᠂ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠢ ᠬᠠᠮᠠᠭᠠᠯᠠᠬᠤ︾ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃  
         ᠲᠤᠬᠠᠶ ᠶᠢᠨ ᠲᠠᠯᠠᠪᠤᠷ ᠲᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠦᠢᠴᠡᠳᠭᠡᠬᠦ ᠵᠥᠪᠯᠡᠯ ᠤᠨ ᠪᠦᠷᠢᠯᠳᠦᠬᠦᠨ ᠠᠴᠠ ᠰᠡᠯᠡᠭᠦᠴᠡᠨ ᠪᠡᠶ᠎ᠡ ᠪᠣᠯᠪᠠᠰᠤᠷᠠᠵᠤ ᠪᠠᠶᠢᠭ᠎ᠠ ᠰᠠᠭᠤᠭᠠᠯᠢ ᠠᠷᠠᠳ ᠲᠤ ︽ᠢᠷᠭᠡᠨ ᠤ ᠬᠠᠤᠯᠢ ᠶᠢᠨ ᠪᠢᠴᠢᠭ︾ ᠤᠨ ᠬᠡᠰᠡᠭᠯᠡᠯ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠵᠡᠷᠭᠡ ᠮᠠᠲ᠋ᠧᠷᠢᠶᠠᠯ ᠢ 200 ᠭᠠᠷᠤᠶ ᠬᠤᠪᠢ ᠲᠠᠷᠬᠠᠭᠠᠭᠰᠠᠨ ᠪᠥᠭᠡᠳ ︽ᠢᠷᠭᠡᠨ ᠤ ᠬᠠᠤᠯᠢ ᠶᠢᠨ ᠪᠢᠴᠢᠭ︾ ᠢ ᠨᠡᠶᠢᠲᠡᠯᠡᠭᠰᠡᠨ ᠠᠬᠤᠶ ᠪᠠᠶᠢᠳᠠᠯ᠂ ᠭᠤᠤᠯ ᠠᠭᠤᠯᠭ᠎ᠠ ᠪᠠ ᠣᠷᠤᠭ ᠬᠡᠷ ᠪᠦᠯᠢ ᠶᠢᠨ ᠬᠠᠤᠯᠢ ᠴᠠᠭᠠᠵᠠ ᠶᠢᠨ ᠮᠡᠳᠡᠯᠭᠡ ᠵᠡᠷᠭᠡ ᠠᠭᠤᠯᠭ᠎ᠠ ᠶᠢ ᠤᠬᠠᠭᠤᠯᠬᠤ ᠶᠢᠨ ᠬᠠᠮᠲᠤ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠬᠠᠤᠯᠢ ᠴᠠᠭᠠᠵᠠ ᠶᠢᠨ  ᠦᠢᠯᠡᠴᠢᠯᠡᠭᠡᠨ ᠤ ᠥᠷᠲᠡᠭᠡ ᠶᠢᠨ ᠬᠠᠮᠢᠶ᠎ᠠ ᠪᠥᠬᠦᠶ ᠪᠥᠲᠥᠭᠡᠨ ᠪᠠᠶᠢᠭᠤᠯᠤᠯᠲᠠ ᠶᠢᠨ ᠠᠴᠢ ᠬᠤᠯᠪᠣᠭᠳᠠᠯ ᠵᠢᠴᠢ ᠪᠠᠶᠢᠳᠠᠯ ᠢ ᠲᠠᠨᠢᠯᠴᠠᠭᠤᠯᠪᠠ᠃
           ᠲᠣᠰ ᠤᠳᠠᠭᠠᠨ ᠤ ᠤᠬᠠᠭᠤᠯᠭ᠎ᠠ ᠳᠤ ᠥᠷᠭᠡᠨ ᠣᠯᠠᠨ ᠡᠮᠡᠭᠳᠡᠶᠢᠴᠦᠳ ᠤᠨ ᠬᠠᠤᠯᠢ ᠪᠠᠷ ᠵᠠᠰᠠᠬᠤ ᠦᠵᠡᠯᠲᠡ ᠶᠢ ᠳᠡᠭᠡᠭᠰᠢᠯᠡᠭᠦᠯᠵᠦ᠂ ᠡᠮᠡᠭᠳᠡᠶᠢᠴᠦᠳ ᠤᠨ ᠬᠠᠤᠯᠢ ᠴᠠᠭᠠᠵᠠ ᠶᠢ ᠬᠡᠷᠡᠭᠯᠡᠨ ᠬᠡᠷ ᠪᠦᠯᠢ ᠶᠢᠨ ᠵᠥᠷᠢᠴᠡᠯ ᠵᠢᠭᠤᠷᠠᠯᠳᠤᠭᠠᠨ ᠢ  ᠰᠢᠢᠳᠪᠦᠷᠢᠯᠡᠵᠦ ᠰᠤᠷᠬᠤ ᠤᠬᠠᠮᠰᠠᠷ ᠢ ᠴᠢᠩᠭᠠᠷᠠᠭᠤᠯᠤᠨ᠂ ᠬᠠᠤᠯᠢ ᠶᠢ ᠰᠤᠷᠤᠯᠴᠠᠵᠤ ᠬᠠᠤᠯᠢ ᠶᠢ ᠬᠡᠷᠡᠭᠯᠡᠵᠦ ᠬᠠᠤᠯᠢ ᠶᠢ ᠰᠠᠬᠢᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃             ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号