ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠬᠦᠷᠴᠦ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/7/8
       7 ᠰᠠᠷ᠎ᠠ ᠶᠢᠨ 7 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠢᠷᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠢᠪᠠ᠃ ᠬᠤᠰᠢᠭᠤᠨ ᠤ ᠤᠳᠤᠷᠢᠳᠤᠯᠭ᠎ᠠ ᠳᠠᠰᠢᠵᠠᠮᠰᠤ᠂ ᠳᠠᠯᠠᠶᠢᠪᠠᠲᠤ᠂ ᠠᠯᠮᠠᠰ ᠵᠢᠴᠢ ᠬᠠᠮᠢᠶ᠎ᠠ ᠪᠥᠬᠦᠶ ᠰᠤᠮᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃        ᠬᠤᠷᠠᠯ ᠳᠤ ᠮᠠᠨ ᠤ ᠬᠤᠰᠢᠭᠤᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠢ ᠰᠣᠨᠣᠰᠪᠠ᠃
       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠢ ᠨᠤᠲᠠᠯᠠᠬᠤ ᠶᠢᠨ ᠬᠠᠮᠲᠤ ᠵᠢᠭᠠᠵᠤ ᠭᠠᠷᠭᠠᠭᠰᠠᠨ ᠨᠢ᠂ ᠥᠨᠥ ᠵᠢᠯ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠠᠴᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠢ ᠵᠣᠬᠢᠶᠠᠨ ᠪᠠᠶᠢᠭᠤᠯᠤᠨ ︽ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ︾ ᠤᠨ ᠲᠣᠭᠤᠷᠢᠨ ᠳᠤ ᠲᠤᠰᠬᠠᠶ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠥᠪᠯᠡᠯᠭᠡ ᠶᠢ ᠬᠠᠮᠵᠢᠯᠴᠠᠨ ᠥᠷᠨᠢᠭᠦᠯᠬᠦ ᠪᠣᠯ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠠᠴᠠ ᠭᠤᠤᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠰᠢᠨ᠎ᠡ ᠪᠠᠷᠭᠤ ᠪᠠᠷᠠᠭᠤᠨ ᠬᠤᠰᠢᠭᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠳ᠋ᠦᠩᠨᠡᠨ᠂ ᠲᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠤᠨ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠦᠨᠡᠨ ᠬᠦ ᠪᠠᠳᠠᠷᠠᠭᠤᠯᠬᠤ ᠬᠡᠷᠡᠭᠲᠡᠶ᠃ ᠠᠵᠤ ᠦᠢᠯᠡᠰ ᠢ ᠠᠮᠢ ᠠᠬᠤᠢᠢᠵᠢᠭᠤᠯᠬᠤ᠂ ᠠᠮᠢ ᠠᠬᠤᠢ ᠶᠢ ᠠᠵᠤ ᠦᠢᠯᠡᠰᠵᠢᠭᠦᠯᠬᠦ ᠪᠠᠷ ᠭᠤᠣᠯ ᠴᠣᠭᠴᠠ ᠪᠣᠯᠭᠠᠭᠰᠠᠨ ᠠᠮᠢ ᠠᠬᠤᠢ ᠶᠢᠨ ᠠᠵᠤ ᠠᠬᠤᠢ ᠶᠢᠨ ᠰᠢᠰᠲ᠋ᠧᠮ ᠢ ᠢᠳᠡᠪᠬᠢᠲᠡᠢ ᠰᠦᠪᠡᠭᠴᠢᠯᠡᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ ᠠᠮᠢ ᠠᠬᠤᠢ ᠪᠠᠷ ᠠᠷᠠᠳ ᠲᠤ ᠬᠠᠷᠠᠭᠠᠯᠵᠠᠯ ᠦᠵᠡᠭᠦᠯᠬᠦ᠂ ᠠᠮᠢ ᠠᠬᠤᠢ ᠪᠠᠷ ᠠᠷᠠᠳ ᠲᠤ ᠠᠰᠢᠭ ᠬᠦᠷᠲᠡᠭᠡᠬᠦ ᠪᠠ ᠠᠮᠢ ᠠᠬᠤᠢ ᠪᠠᠷ ᠠᠷᠠᠳ ᠲᠤ ᠦᠢᠯᠡᠴᠢᠯᠡᠬᠦ ᠶᠢ ᠪᠡᠶᠡᠯᠡᠭᠦᠯᠬᠦ ᠬᠡᠷᠡᠭᠲᠡᠢ ᠭᠡᠵᠡᠢ᠃        ᠳᠠᠰᠢᠵᠠᠮᠰᠤ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠲᠤᠰ ᠤᠳᠠᠭ᠎ᠠ ᠶᠢᠨ ᠲᠤᠰᠬᠠᠢ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠥᠪᠳᠡᠯᠴᠡᠨ ᠪᠠᠶᠢᠴᠠᠭᠠᠨ ᠰᠤᠳᠤᠯᠤᠯᠲᠠ ᠬᠢᠬᠦ ᠳᠤ ᠢᠳᠡᠪᠬᠢᠲᠡᠢ ᠬᠠᠮᠵᠢᠯᠴᠠᠵᠤ᠂ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠨᠥᠬᠦᠪᠥᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠲᠤᠷᠰᠢᠯᠭ᠎ᠠ ᠪᠠᠨ ᠳ᠋ᠦᠩᠨᠡᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠭᠡ ᠲᠣᠭᠲᠠᠭᠠᠵᠤ᠂ ᠠᠮᠢ ᠠᠬᠤᠢ ᠶᠢ ᠬᠠᠮᠠᠭᠠᠯᠠᠬᠤ ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠡᠭᠦᠨ ᠤ ᠬᠠᠮᠲᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ︽ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠯᠥᠨ ᠪᠤᠶᠢᠷ ᠬᠤᠲᠠ ᠶᠢᠨ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠥᠪᠳᠡᠯᠴᠡᠬᠦ ᠠᠵᠢᠯ ᠤᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠢ ᠰᠢᠰᠲ᠋ᠧᠮ ᠲᠠᠢ ᠡᠮᠬᠢᠯᠡᠵᠦ᠂ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠳ᠋ᠦᠩᠨᠡᠨ ᠪᠣᠯᠪᠠᠰᠤᠷᠠᠭᠤᠯᠬᠤ ᠠᠵᠢᠯ ᠢ ᠰᠠᠶᠢᠲᠤᠷ ᠬᠢᠵᠦ᠂ ᠬᠥᠯᠥᠨ ᠪᠤᠶᠢᠷ ᠬᠤᠲᠠ ᠶᠢᠨ ᠴᠢᠬᠤᠯᠠ ᠶᠡᠭᠡ ᠠᠮᠢ ᠠᠬᠤᠶ ᠶᠢᠨ ᠬᠠᠮᠠᠭᠠᠯᠠᠯᠲᠠ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢ ᠨᠡᠮᠡᠷᠢᠯᠡᠬᠦ ᠬᠡᠷᠡᠭᠲᠡᠢ ᠭᠡᠵᠡᠢ᠃        ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠮᠠᠩᠯᠠᠢ ᠭᠠᠴᠠᠭ᠎ᠠ ᠶᠢᠨ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠵᠡᠷᠭᠡ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠡᠷᠦᠯᠦᠨ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ ᠵᠢᠴᠢ ᠪᠠᠷᠭᠤ ᠠᠮᠢ ᠠᠬᠤᠶ ᠶᠢᠨ ᠣᠷᠳᠣᠨ ᠢ ᠲᠣᠭᠤᠷᠢᠨ ᠦᠵᠡᠪᠡ᠃                                             ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号