7 ᠰᠠᠷ᠎ᠠ ᠶᠢᠨ 6 — 7 ᠤ ᠡᠳᠦᠷ᠂ ᠪᠥᠬᠦ ᠬᠤᠰᠢᠭᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ | ᠱᠦᠵᠢ ᠶᠢᠨ ᠪᠣᠯᠪᠠᠰᠤᠷᠠᠯ ᠤᠨ ᠠᠩᠭᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ | ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠬᠡᠷ ᠲᠤ ᠶᠠᠪᠤᠭᠳᠠᠵᠦ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ | ᠮᠥᠴᠢᠷ᠂ ᠡᠯ᠎ᠡ ᠰᠤᠮᠤ ᠪᠠᠯᠭᠠᠰᠤ᠂ ᠭᠠᠴᠠᠭ᠎ᠠ ᠨᠡᠶᠢᠭᠡᠮ ᠲᠣᠭᠤᠷᠢᠭ᠂ ᠰᠤᠷᠭᠠᠭᠤᠯᠢ ᠶᠢᠨ ᠡᠪᠯᠡᠯ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠲᠣᠰ ᠤᠳᠠᠭᠠᠨ ᠤ ᠪᠣᠯᠪᠠᠰᠤᠷᠠᠯ ᠳᠤ ᠤᠷᠤᠯᠴᠠᠭᠰᠠᠨ ᠪᠠᠶᠢᠨ᠎ᠠ᠃ | | | | ᠪᠣᠯᠪᠠᠰᠤᠷᠠᠯ ᠳᠤ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ᠂ ᠬᠤᠰᠢᠭᠤᠨ ᠤ | ᠡᠪᠯᠡᠯ ᠤᠨ ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ᠤᠷᠢᠵᠤ᠂ ᠰᠢ ᠶᠢᠨ ᠫᠢᠩ ᠶᠡᠷᠦᠩᠬᠡᠶ ᠱᠦᠵᠢ ᠶᠢᠨ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠬᠢᠵᠢᠬᠦᠯᠬᠦ᠂ ᠡᠪᠯᠡᠯ ᠤᠨ ᠺᠠᠳ᠋ᠷ ᠤᠨ ᠤᠬᠠᠮᠰᠠᠷ᠂ ᠡᠪᠯᠡᠯ ᠤᠨ ᠶᠠᠪᠤᠳᠠᠯ ᠤᠨ ᠮᠡᠳᠡᠯᠭᠡ ᠶᠢ | ᠴᠢᠩᠭᠠᠳᠬᠠᠬᠤ ᠵᠡᠷᠭᠡ ᠠᠵᠢᠯ ᠤᠨ ᠲᠣᠭᠤᠷᠢᠨ ᠳᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ | ᠠᠭᠤᠯᠭ᠎ᠠ ᠪᠠ ᠭᠤᠣᠯᠳᠠᠯᠭ᠎ᠠ ᠲᠠᠢ ᠤᠶᠠᠯᠳᠤᠭᠤᠯᠤᠨ᠂ ᠵᠠᠯᠠᠭᠤᠴᠤᠳ ᠪᠠᠭᠠᠴᠤᠳ ᠤᠨ ᠠᠵᠢᠯᠲᠠᠳ ᠲᠤ ᠰᠢᠰᠲ᠋ᠧᠮ ᠲᠠᠢ | ᠪᠣᠯᠪᠠᠰᠤᠷᠠᠯ ᠬᠦᠷᠲᠡᠭᠡᠵᠦ᠂ ᠤᠨᠤᠯ ᠤᠨ ᠥᠭᠦᠯᠡᠯᠲᠡ ᠪᠠᠶᠢᠬᠤ ᠮᠥᠷᠲᠡᠭᠡᠨ ᠲᠤᠷᠰᠢᠯᠭ᠎ᠠ ᠪᠠᠨ ᠴᠤ ᠬᠤᠪᠢᠶᠠᠯᠴᠠᠵᠦ᠂ | ᠰᠤᠷᠤᠭᠴᠢᠳ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠲᠤᠬᠠᠢ ᠲᠠᠨᠢᠯᠲᠠ ᠶᠢ ᠪᠦᠲᠦᠮᠵᠢᠲᠡᠢ | ᠭᠦᠨᠵᠡᠭᠡᠶᠢᠷᠡᠭᠦᠯᠵᠦ᠂ ᠲᠤᠰ ᠪᠡᠶ᠎ᠡ ᠶᠢᠨ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠵᠤ᠂ ᠠᠵᠢᠯ ᠤᠨ ᠴᠢᠭᠯᠡᠯ ᠪᠠ | ᠭᠠᠷᠳᠠᠨ ᠬᠢᠬᠦ ᠴᠡᠭ ᠢ ᠡᠷᠢᠵᠦ ᠣᠯᠵᠠᠢ᠃ | ᠪᠣᠯᠪᠠᠰᠤᠷᠠᠯ ᠳᠤ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠰᠢᠨ᠎ᠡ ᠴᠠᠭ ᠦᠶ᠎ᠡ ᠶᠢᠨ | ᠳᠤᠮᠳᠠᠳᠤ ᠶᠢᠨ ᠵᠠᠯᠠᠭᠤᠴᠤᠳ ᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠪᠠᠷ ᠥᠪᠡᠷ ᠤᠨ ᠡᠭᠦᠷᠭᠡ ᠪᠠᠨ ᠪᠣᠯᠭᠠᠬᠤ ᠬᠡᠷᠡᠭᠲᠡᠶ ᠭᠡᠵᠦ ᠵᠤᠷᠢᠭᠵᠢᠭᠤᠯᠤᠭᠰᠠᠨ ᠢ ᠪᠠᠲᠤ ᠴᠡᠭᠡᠵᠢᠯᠡᠨ᠂ | ᠳᠤᠮᠳᠠᠳᠤ ᠤᠯᠤᠰ ᠤᠨ ᠬᠥᠮᠦᠨ ᠪᠣᠯᠬᠤ ᠰᠥᠰᠥ ᠵᠣᠷᠢᠭ᠂ ᠢᠳᠡ ᠬᠦᠴᠦᠨ ᠢ ᠨᠡᠮᠡᠭᠳᠡᠭᠦᠯᠵᠦ᠂ ᠴᠠᠭ ᠦᠶ᠎ᠡ ᠶᠢ | ᠬᠥᠰᠡᠷᠳᠡᠭᠦᠯᠬᠦ ᠦᠭᠡᠢ᠂ ᠵᠠᠯᠠᠭᠤ ᠨᠠᠰᠤ ᠶᠢ ᠬᠥᠰᠡᠷᠳᠡᠭᠦᠯᠬᠦ ᠦᠭᠡᠢ᠂ ᠨᠠᠮ ᠪᠠ ᠠᠷᠠᠳ ᠲᠦᠮᠡᠨ ᠤ ᠨᠠᠨᠳᠢᠨ ᠬᠦᠰᠡᠯ | ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠵᠤ᠂ ︽ᠦᠨᠡᠨ ᠰᠡᠳᠬᠢᠯ ᠠᠴᠠ ᠪᠠᠨ ᠵᠠᠯᠠᠭᠤᠴᠤᠳ ᠪᠠᠭᠠᠴᠤᠳ ᠲᠤ | ᠦᠢᠯᠡᠴᠢᠯᠡᠬᠦ︾ ᠤᠬᠠᠮᠰᠠᠷ ᠢ ᠪᠠᠲᠤ ᠪᠠᠬᠢ ᠪᠤᠢ ᠪᠤᠯᠭᠠᠨ᠂ ᠠᠷᠠᠳ ᠤᠨ ᠪᠠᠶᠢᠳᠠᠯ ᠢ ᠦᠨᠡᠨᠬᠦ ᠰᠣᠨᠣᠰᠴᠤ᠂ ᠠᠷᠠᠳ ᠤᠨ | ᠰᠠᠨᠠᠭ᠎ᠠ ᠶᠢ ᠬᠠᠯᠠᠮᠵᠢᠯᠠᠨ᠂ ᠤᠨᠴᠠᠯᠢᠬᠳᠤ ᠡᠪᠯᠡᠯ ᠤᠨ ᠪᠠᠶᠢᠭᠤᠯᠤᠯᠳᠠ ᠶᠢᠨ ᠲᠦᠷᠦᠯ ᠲᠡᠮᠳᠡᠭ ᠢ ᠡᠭᠦᠳᠬᠦ᠂ ᠬᠡᠪ | ᠴᠢᠨᠠᠷ ᠢ ᠳᠡᠭᠡᠭᠰᠢᠯᠡᠭᠦᠯᠬᠦ᠂ ᠠᠵᠢᠯ ᠢᠶᠠᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠮᠠᠨ ᠤ ᠰᠢᠨ᠎ᠡ ᠪᠠᠶᠢᠳᠠᠯ ᠳᠣᠣᠷᠠᠬᠢ ᠵᠠᠯᠠᠭᠤᠴᠤᠳ ᠪᠠᠭᠠᠴᠤᠳ ᠤᠨ ᠠᠵᠢᠯ ᠢ ᠰᠠᠶᠢᠲᠤᠷ ᠬᠢᠬᠦ ᠬᠢᠷᠢ ᠲᠦᠪᠰᠢᠨ ᠢ | ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ ᠭᠡᠵᠡᠢ᠃ | | | ᠣᠷᠴᠢᠭᠤᠯᠤᠭᠴᠢ᠄ ᠴᠡᠴᠡᠭ | | |