ᠳᠠᠰᠢᠵᠠᠮᠰᠤ ᠠᠯᠳ᠋ᠬᠠᠮᠡᠭᠡᠯ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2021/8/10
       8 ᠰᠠᠷ᠎ᠠ ᠶᠢᠨ 9 ᠤ ᠡᠳᠦᠷ᠂ ᠬᠤᠰᠢᠭᠤᠨ ᠤ ᠤᠯᠤᠰ ᠲᠦᠷᠥ ᠶᠢᠨ ᠵᠦᠪᠯᠡᠯᠭᠡᠨ ᠤ ᠨᠠᠮ ᠤᠨ ᠳᠤᠭᠤᠶᠢᠯᠠᠩ ᠤᠨ ᠱᠦᠵᠢ᠂ ᠲᠡᠷᠢᠭᠦᠯᠡᠭᠴᠢ ᠳᠠᠰᠢᠵᠠᠮᠰᠤ᠂ ᠳᠡᠳ᠋ ᠲᠡᠷᠢᠭᠦᠯᠡᠭᠴᠢ ᠴᠧᠨ ᠱᠸᠦ ᡁᠢ᠂ ᠪᠣᠤ ᠱᠦᠢ ᠬᠤᠸᠠ ᠠᠯᠳ᠋ᠬᠠᠮᠡᠭᠡᠯ ᠪᠠᠯᠭᠠᠰᠤᠨ ᠳᠤ ᠭᠦᠨᠵᠡᠭᠡᠶᠢᠷᠡᠨ᠂ ᠠᠯᠳ᠋ᠬᠠᠮᠡᠭᠡᠯ ᠪᠠᠯᠭᠠᠰᠤ ᠶᠢᠨ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠣᠳᠤᠯᠤᠯᠲᠠ ᠬᠢᠪᠡ᠃
         ᠳᠠᠰᠢᠵᠠᠮᠰᠤ ᠨᠠᠷ ᠬᠤᠰᠢᠭᠤᠨ ᠳᠡᠰ ᠤᠨ ᠤᠯᠤᠰ ᠲᠦᠷᠥ ᠶᠢᠨ ᠵᠦᠪᠯᠡᠯᠭᠡᠨ ᠤ ᠭᠡᠰᠢᠭᠦᠨ᠂ ᠠᠯᠳ᠋ᠬᠠᠮᠡᠭᠡᠯ ᠪᠠᠯᠭᠠᠰᠤ ᠶᠢᠨ ᠨᠠᠷᠠᠲᠤ ᠭᠠᠴᠠᠭᠠᠨ ᠤ ᠮᠠᠯᠴᠢᠨ ᠪᠣᠶᠠᠨᠬᠡᠰᠢᠭ ᠢ ᠪᠣᠯᠭᠤᠭᠠᠨ ᠲᠣᠬᠤᠨᠢᠭᠤᠯᠵᠤ᠂ ᠲᠡᠭᠦᠨ ᠲᠠᠢ ᠳᠤᠲᠤᠨᠤ ᠪᠠᠷ ᠶᠠᠷᠢᠯᠴᠠᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠬᠤ ᠶᠢᠨ ᠬᠠᠮᠲᠤ᠂ ᠲᠡᠭᠦᠨ ᠢ ᠤᠯᠤᠰ ᠲᠦᠷᠥ ᠶᠢᠨ ᠵᠦᠪᠯᠡᠯᠭᠡᠨ ᠤ ᠭᠡᠰᠢᠭᠦᠨ ᠤ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠶᠠᠷᠢᠯᠴᠠᠬᠤ ᠦᠢᠯᠡᠳᠦᠯ ᠢᠶᠠᠨ ᠤᠯᠠᠮ ᠴᠢᠨᠠᠭᠰᠢᠳᠠ ᠪᠠᠳᠠᠷᠠᠭᠤᠯᠤᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠭ᠎ᠠ ᠪᠣᠳᠣᠯᠭ᠎ᠠ ᠭᠠᠷᠭᠠᠬᠤ ᠶᠢ ᠬᠦᠰᠡᠭᠰᠡᠨ ᠪᠠᠶᠢᠨ᠎ᠠ᠃
               ᠪᠠᠶᠢᠴᠠᠭᠠᠨ ᠰᠣᠳᠣᠯᠣᠯᠲᠠ ᠳᠤ᠂ ᠳᠠᠰᠢᠵᠠᠮᠰᠤ ᠨᠠᠷ ᠠᠯᠳ᠋ᠬᠠᠮᠡᠭᠡᠯ ᠪᠠᠯᠭᠠᠰᠤ ᠶᠢᠨ ᠪᠣᠭᠳᠠᠠᠭᠤᠯᠠ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠪᠠᠯᠭᠠᠰᠤ ᠶᠢᠨ ᠤᠰᠤ ᠭᠠᠳᠠᠭᠰᠢᠯᠠᠭᠤᠯᠬᠤ ᠰᠤᠪᠠᠭ ᠢ ᠲᠤᠬᠠᠢ ᠶᠢᠨ ᠭᠠᠵᠠᠷ ᠳᠤᠨᠢ ᠪᠠᠶᠢᠴᠠᠭᠠᠨ ᠦᠵᠡᠬᠦ ᠶᠢᠨ ᠬᠠᠮᠲᠤ᠂ ᠠᠯᠳ᠋ᠬᠠᠮᠡᠭᠡᠯ ᠪᠠᠯᠭᠠᠰᠤ ᠶᠢᠨ ᠬᠤᠷᠠᠯ ᠤᠨ ᠭᠡᠷ ᠲᠤ ᠰᠠᠭᠤᠳᠠᠯ ᠤᠨ ᠬᠤᠷᠠᠯ ᠬᠢᠵᠦ᠂ ᠪᠦᠬᠦ ᠪᠠᠯᠭᠠᠰᠤ ᠶᠢᠨ ᠦᠶᠡᠷ ᠢ ᠰᠡᠷᠭᠡᠶᠢᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠭᠡᠰᠢᠭᠦᠳ ᠤᠨ ᠭᠡᠷ ᠤᠨ ᠦᠢᠯᠡᠳᠦᠯ ᠢ ᠪᠠᠳᠠᠷᠠᠭᠤᠯᠬᠤ ᠵᠡᠷᠭᠡ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃
               ᠳᠠᠰᠢᠵᠠᠮᠰᠦ᠂ ᠠᠯᠳ᠋ᠬᠠᠮᠡᠭᠡᠯ ᠪᠠᠯᠭᠠᠰᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠦᠷᠭᠦᠯᠵᠢᠯᠡᠨ ᠲᠠᠨᠢᠯᠲᠠ ᠪᠠᠨ ᠳᠡᠭᠡᠭᠰᠢᠯᠡᠭᠦᠯᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠪᠠᠯᠭᠠᠰᠤ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠮᠬᠢ ᠳᠢᠭᠯᠢᠮ ᠲᠠᠢ ᠶᠠᠪᠤᠭᠳᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠣᠬᠢᠷᠲᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠬᠤᠷᠰᠢᠶᠠᠵᠢᠯ ᠤᠨ ᠡᠵᠡᠩᠨᠡᠯᠲᠡ ᠬᠠᠮᠢᠶᠠᠷᠤᠯᠲᠠ ᠶᠢᠨ ᠰᠢᠨ᠎ᠡ ᠵᠠᠭᠪᠤᠷ ᠢ ᠦᠷᠭᠦᠯᠵᠢᠯᠡᠨ ᠠᠬᠢᠭᠤᠯᠵᠤ᠂ ᠪᠦᠬᠦ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠰᠢᠨ᠎ᠡ ᠪᠠᠶᠢᠳᠠᠯ ᠲᠡᠰᠢ ᠤᠷᠤᠭᠰᠢᠯᠠᠬᠤ ᠶᠢ ᠳᠠᠶᠢᠴᠢᠯᠠᠬᠤ ᠬᠡᠷᠡᠭᠲᠡᠢ᠃ ᠪᠥᠬᠦ ᠪᠠᠯᠭᠠᠰᠤ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠦᠶᠡᠷ ᠢ ᠰᠡᠷᠭᠡᠶᠢᠯᠡᠬᠦ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠭᠡᠰᠢᠭᠦᠳ ᠤᠨ ᠬᠡᠷ ᠤᠨ ᠪᠠᠶᠢᠭᠤᠯᠤᠯᠲᠠ ᠵᠡᠷᠭᠡ ᠠᠵᠢᠯ ᠢ ᠰᠠᠶᠢᠲᠤᠷ ᠬᠢᠵᠦ᠂ ᠮᠠᠨ ᠤ ᠬᠤᠰᠢᠭᠤᠨ ᠤ ᠨᠡᠶᠢᠭᠡᠮ ᠠᠵᠤ ᠠᠬᠤᠶ ᠶᠢᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃        ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠪᠠᠰᠠ ᠣᠳᠣᠬᠠᠨ ᠤ ᠪᠦᠬᠦ ᠪᠠᠯᠭᠠᠰᠤ ᠶᠢᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠪᠠ᠃                                    ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号