8 ᠰᠠᠷ᠎ᠠ ᠶᠢᠨ 9 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ | ᠬᠤᠷᠠᠯ ᠤᠨ ᠬᠡᠷ ᠲᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠰᠢᠭᠤᠨ ᠤ ᠨᠠᠮ ᠤᠨ | ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2021 ᠣᠨ ᠤ ᠠᠷᠪᠠᠨ ᠨᠢᠭᠡᠳᠦᠭᠡᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠵᠢᠴᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ | ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ | ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠪᠠ᠃ ᠴᠠᠩ ᠴᠢᠩ᠂ | ᠴᠧᠨ ᠯᠦᠩ᠂ ᠳᠠᠰᠢᠵᠠᠮᠰᠤ᠂ ᠵᠢᠶᠠ ᡁᠢ ᠺᠦᠶ ᠵᠡᠷᠭᠡ ᠪᠥᠬᠦ ᠬᠤᠰᠢᠭᠤᠨ ᠤ ᠭᠠᠵᠠᠷ ᠤᠨ ᠲᠠᠰ ᠠᠴᠠ ᠳᠡᠭᠡᠭᠰᠢᠬᠢ | ᠤᠳᠤᠷᠢᠳᠤᠯᠭ᠎ᠠ ᠪᠣᠯᠤᠨ ᠳᠥᠷᠪᠡᠨ ᠶᠡᠭᠡ ᠪᠠᠭ ᠤᠨ ᠠᠯᠪᠠᠨ ᠬᠡᠷ ᠤᠨ ᠬᠠᠷᠢᠭᠤᠴᠠᠯᠭᠠᠲᠠᠨ ᠰᠤᠷᠤᠯᠴᠠᠯᠭ᠎ᠠ ᠳᠤ | ᠣᠷᠣᠯᠴᠠᠪᠠ᠃ | ᠬᠤᠷᠠᠯ ᠳᠤ ᠪᠦᠬᠡᠪᠠᠶᠠᠷ᠂ ᠴᠠᠩ ᠴᠢᠩ᠂ ᠴᠧᠨ ᠯᠦᠩ᠂ ᠳᠠᠰᠢᠵᠠᠮᠰᠤ᠂ ᠵᠢᠶᠠ ᡁᠢ ᠺᠦᠶ᠂ ᠯᠦᠸᠧ ᠴᠧᠩ | ᠭᠤᠸᠠᠩ᠂ ᠪᠠᠶ ᠴᠦᠨ ᠮᠧᠶ᠂ ᠳ᠋ᠦ᠋ ᠴᠧᠩ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠶᠡᠷᠦᠩᠬᠡᠶ | ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠪᠠ᠃ | ᠪᠦᠬᠡᠪᠠᠶᠠᠷ᠂ ᠶᠡᠷᠦᠩᠬᠡᠢ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ | ᠶᠠᠷᠢᠶ᠎ᠠ ᠪᠣᠯ ᠮᠠᠨ ᠤ ᠨᠠᠮ ᠤᠨ ᠵᠠᠭᠤᠨ ᠵᠢᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠪᠦᠬᠦ ᠲᠠᠯ᠎ᠠ ᠪᠠᠷ | ᠡᠷᠬᠢᠴᠡᠭᠦᠯᠦᠨ᠂ ᠵᠠᠭᠤᠨ ᠵᠢᠯ ᠤᠨ ᠠᠭᠤᠤ ᠭᠠᠪᠢᠶ᠎ᠠ ᠠᠤᠭ᠎ᠠ ᠵᠢᠳᠬᠦᠯ ᠢ ᠰᠢᠰᠲ᠋ᠧᠮ ᠲᠠᠢ ᠳ᠋ᠦᠩᠨᠡᠵᠦ᠂ ᠵᠠᠭᠤᠨ ᠵᠢᠯ ᠤᠨ | ᠵᠣᠷᠢᠭ ᠰᠠᠨᠠᠭᠠᠨ ᠤ ᠡᠬᠢ ᠰᠤᠷᠪᠤᠯᠵᠢ ᠶᠢ ᠭᠦᠨᠵᠡᠭᠡᠢ ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠶᠢ ᠰᠢᠨᠵᠢᠯᠡᠬᠦ ᠤᠬᠠᠭᠠᠨᠴᠢ ᠪᠠᠷ ᠪᠠᠷᠠᠯᠠᠬᠤ ᠶᠢᠨ ᠬᠠᠮᠲᠤ᠂ | ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠠᠩᠬ᠎ᠠ ᠤᠳᠠᠭ᠎ᠠ ᠳᠤᠷᠠᠳᠤᠭᠰᠠᠨ ᠶᠤᠮ᠃ ᠬᠤᠰᠢᠭᠤ ᠳᠠᠶᠠᠭᠠᠷ | ᠶᠡᠷᠦᠩᠬᠡᠶ ᠱᠦᠵᠢ ᠰᠢ ᠶᠢᠨ ᠫᠢᠩ ᠤᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠠᠭᠤᠤ ᠶᠡᠭᠡ | ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠲᠠᠨᠢᠵᠤ᠂ | ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠶᠡᠭᠡ ᠤᠯᠤᠰ | ᠲᠦᠷᠦ ᠶᠢᠨ ᠡᠭᠦᠷᠭᠡ ᠪᠣᠯᠭᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠣᠯ ᠠᠭᠤᠯᠭ᠎ᠠ ᠪᠣᠯᠭᠠᠵᠤ᠂ | ᠠᠯᠬᠤᠮ ᠳᠠᠷᠠᠭ᠎ᠠ ᠲᠠᠢ᠂ ᠰᠦᠷ ᠬᠦᠴᠦᠨ ᠲᠠᠢ᠂ ᠭᠦᠨᠴᠡ ᠲᠠᠢ᠂ ᠣᠨᠴᠠᠯᠢᠭ ᠲᠠᠢ᠂ ᠦᠷ᠎ᠡ ᠪᠦᠲᠦᠮᠵᠢ ᠲᠠᠢ ᠤᠬᠠᠭᠤᠯᠭ᠎ᠠ | ᠲᠠᠶᠢᠯᠪᠤᠷᠢᠯᠠᠯᠲᠠ ᠶᠢ ᠢᠳᠡᠪᠬᠢᠲᠡᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ | ᠦᠢᠯᠡᠳᠦᠯᠭᠡᠵᠢᠭᠦᠯᠬᠦ ᠬᠡᠷᠡᠭᠲᠡᠢ ᠭᠡᠵᠦ ᠱᠠᠭᠠᠷᠳᠠᠪᠠ᠃ | ᠪᠦᠬᠡᠪᠠᠶᠠᠷ ᠪᠠᠰᠠ᠂ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠤᠱᠯᠠᠭᠤᠯᠬᠤ ᠲᠠᠢ ᠨᠢᠭᠲᠠ ᠤᠶᠠᠯᠳᠤᠭᠤᠯᠵᠤ᠂ ᠬᠤᠰᠢᠭᠤᠨ ᠤ ᠠᠷᠪᠠᠨ ᠲᠠᠪᠤᠳᠤᠭᠠᠷ | ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠲᠡᠮᠡᠴᠡᠯ ᠤᠨ ᠬᠠᠷᠠᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ᠂ ᠠᠵᠤ ᠠᠬᠤᠢ ᠶᠢ ᠬᠦᠭᠵᠢᠭᠦᠯᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯ ᠠᠵᠢᠯ᠂ | ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ | ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠡᠷᠡᠮᠡᠬᠡᠶᠢᠯᠡᠨ ᠤᠷᠤᠭᠰᠢᠯᠠᠵᠤ᠂ ᠴᠥᠬᠦᠷᠡᠰᠢ ᠦᠭᠡᠢ | ᠲᠡᠮᠡᠴᠡᠵᠦ᠂ ᠨᠠᠮ᠂ ᠠᠷᠠᠳ ᠲᠦᠮᠡᠨ ᠪᠠ ᠲᠡᠦᠬᠡᠨ ᠳᠤ ᠨᠡᠩ ᠰᠢᠯᠢᠳᠡᠭ ᠰᠢᠯᠭᠠᠯᠲᠠ ᠶᠢᠨ ᠬᠠᠭᠤᠳᠠᠰᠤ ᠲᠤᠰᠢᠶᠠᠬᠤ ᠪᠠᠷ | ᠴᠢᠷᠮᠠᠶᠢᠬᠤ ᠬᠡᠷᠡᠭᠲᠡᠢ ᠭᠡᠵᠦ ᠱᠠᠭᠠᠷᠳᠠᠵᠠᠢ᠃ | | ᠣᠷᠴᠢᠭᠤᠯᠤᠭᠴᠢ᠄ ᠦᠷᠴᠠᠶᠢᠬᠤ | | |