ᠠᠯᠳ᠋ᠬᠠᠮᠡᠭᠡᠯ ᠪᠠᠯᠭᠠᠰᠦ ᠭᠤᠣᠯ ᠨᠠᠭᠤᠷ ᠢ ᠬᠠᠮᠢᠶᠠᠷᠬᠤ ᠳᠠᠷᠤᠭ᠎ᠠ ᠶᠢᠨ ᠳᠦᠷᠢᠮ ᠳᠤ ᠲᠦᠰᠢᠭᠯᠡᠵᠦ᠂ ᠦᠶᠡᠷ ᠤᠨ ᠬᠤᠭᠤᠴᠠᠭᠠᠨ ᠳᠤ ᠡᠷᠭᠢ ᠳᠠᠭᠠᠤ ᠰᠠᠭᠤᠭ᠎ᠠ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠢ ᠪᠦᠬᠦ ᠬᠦᠴᠦᠨ ᠢᠶᠠᠷ ᠪᠠᠳᠣᠯᠠᠵᠦ ᠪᠣᠢ
ᠨᠡᠶᠢᠲᠡᠯᠡᠭᠰᠡᠨ ᠴᠠᠭ᠄
2021/8/12
       ᠣᠶᠢᠷ᠎ᠠ ᠶᠢᠨ ᠡᠳᠦᠷ᠂ ᠰᠢᠷᠦᠭᠦᠨ ᠪᠣᠷᠣᠭᠠᠨ ᠤ ᠨᠦᠯᠦᠭᠡ ᠠᠴᠠ ᠪᠣᠯᠵᠤ᠂ ᠭᠤᠣᠯ ᠨᠠᠭᠤᠷ ᠤᠨ ᠤᠰᠤᠨ ᠤ ᠲᠦᠪᠰᠢᠨ ᠳᠡᠭᠡᠭᠰᠢᠯᠡᠵᠦ᠂ ᠡᠷᠭᠢ ᠳᠠᠭᠠᠤ ᠣᠷᠣᠨ ᠤ ᠮᠠᠯᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠠᠯᠳ᠋ᠬᠠᠮᠡᠭᠡᠯ ᠪᠠᠯᠭᠠᠰᠦ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠳ ᠬᠥᠯᠥᠨ ᠨᠠᠭᠤᠷ᠂ ᠬᠡᠷᠥᠯᠥᠨ ᠭᠤᠣᠯ ᠤᠨ ᠬᠡᠰᠡᠭ ᠲᠤ ᠬᠦᠷᠴᠦ᠂ ᠭᠤᠣᠯ ᠨᠠᠭᠤᠷ ᠳᠠᠭᠠᠤ ᠶᠢᠨ ︽ᠳᠥᠷᠪᠡᠨ ᠲᠥᠷᠥᠯ ᠤᠨ ᠠᠰᠠᠭᠤᠳᠡᠯ︾ ᠢᠯᠡᠷᠡᠬᠦ ᠵᠢᠴᠢ ᠥᠶᠡᠷ ᠤᠨ ᠬᠤᠭᠤᠴᠠᠭᠠᠨ ᠤ ᠠᠮᠤᠷ ᠲᠦᠪᠰᠢᠨ ᠤ ᠳᠠᠯᠳᠠ ᠭᠡᠮ ᠢ ᠪᠠᠶᠢᠴᠠᠭᠠᠬᠤ ᠠᠵᠢᠯ ᠥᠷᠨᠢᠬᠦᠯᠬᠦ ᠶᠢᠨ ᠬᠠᠮᠳᠥ᠂ ᠡᠷᠭᠢ ᠲᠠᠭᠠᠣ ᠰᠠᠭᠤᠭ᠎ᠠ ᠡᠷᠥᠭᠡ ᠶᠢ ᠥᠶᠡᠷ ᠤᠨ ᠬᠤᠭᠤᠴᠠᠭᠠᠨ ᠳᠤ ᠠᠮᠣᠷ ᠲᠥᠪᠰᠢᠨ ᠤ ᠠᠷᠬᠠᠭ ᠭᠡᠮ ᠢ ᠰᠡᠷᠭᠡᠶᠢᠯᠡᠬᠦ ᠶᠢ ᠰᠠᠨᠠᠭᠤᠯᠪᠡ᠃        ᠪᠠᠶᠢᠴᠠᠭᠠᠬᠤ ᠳᠤᠭᠤᠶᠢᠯᠠᠩ ᠴᠢᠩᠭᠠᠳᠬᠠᠬᠰᠠᠨ ᠨᠢ᠂ ᠦᠶᠡᠷ ᠢ ᠰᠡᠷᠭᠡᠶᠢᠯᠡᠬᠦ ᠬᠤᠭᠤᠴᠠᠭᠠᠨ ᠳᠤ᠂ ᠭᠤᠣᠯ ᠨᠠᠭᠤᠷ ᠢ ᠬᠠᠮᠢᠶᠠᠷᠬᠤ ᠳᠠᠷᠤᠭ᠎ᠠ ᠶᠢᠨ ᠳᠦᠷᠢᠮ ᠤᠨ ᠪᠠᠶᠢᠩᠭᠤᠵᠢᠭᠰᠠᠨ᠂ ᠳᠦᠷᠢᠮᠵᠢᠭᠰᠡᠨ ᠲᠣᠭᠤᠷᠢᠨ ᠪᠠᠶᠢᠴᠠᠭᠠᠬᠤ ᠳᠦᠷᠢᠮ ᠢ ᠭᠦᠢᠴᠡᠳ ᠪᠠᠳᠠᠷᠠᠭᠤᠯᠵᠤ᠂ ᠭᠤᠣᠯ ᠨᠠᠭᠤᠷ ᠢ ᠬᠠᠮᠢᠶᠠᠷᠴᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠬᠥᠮᠦᠰ ᠢ ᠵᠣᠬᠢᠶᠠᠨ ᠪᠠᠶᠢᠭᠤᠯᠤᠨ ᠲᠣᠭᠤᠷᠢᠨ ᠪᠠᠶᠢᠴᠠᠭᠠᠯᠳᠡ ᠶᠢ ᠴᠢᠩᠭᠠᠳᠬᠠᠵᠤ᠂ ᠭᠤᠣᠯ ᠨᠠᠭᠤᠷ ᠤᠨ ᠤᠰᠤᠨ ᠤ ᠲᠦᠪᠰᠢᠨ ᠳᠡᠭᠡᠭᠰᠢᠯᠡᠵᠦ ᠪᠠᠶᠢᠭ᠎ᠠ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠡᠮᠦᠨᠡᠬᠢ ᠬᠤᠭᠤᠴᠠᠭᠠᠨ ᠤ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠪᠠᠶᠢᠳᠠᠯ ᠬᠦᠨᠳᠦ ᠨᠣᠴᠢᠲᠠᠢ ᠪᠠᠶᠢᠭ᠎ᠠ ᠭᠠᠵᠠᠷ ᠣᠷᠣᠨ ᠳᠤ ᠮᠠᠯᠴᠢᠨ ᠲᠦᠮᠡᠨ ᠢ ᠰᠢᠯᠵᠢᠭᠦᠯᠬᠦ ᠪᠡᠯᠡᠳᠬᠡᠯ ᠠᠵᠢᠯ ᠢ ᠴᠠᠭ ᠲᠤᠬᠠᠢ ᠳᠤᠨᠢ ᠰᠠᠶᠢᠲᠤᠷ ᠬᠢᠬᠦ ᠶᠢᠨ ᠬᠠᠮᠲᠤ᠂ ᠡᠷᠭᠢ ᠳᠠᠭᠠᠤ ᠰᠠᠭᠤᠭ᠎ᠠ ᠡᠷᠦᠬᠡ ᠶᠢᠨ ᠦᠶᠡᠷ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠮᠠᠯᠴᠢᠨ ᠲᠦᠮᠡᠨ ᠤ ᠠᠮᠢ ᠨᠠᠰᠤ᠂ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠬᠤ ᠬᠡᠷᠡᠭᠲᠡᠢ ᠭᠡᠵᠠᠢ᠃                     ᠬᠠᠮ ᠵᠠᠭᠤᠴᠢᠯᠠᠭᠤᠷ ᠤᠨ ᠲᠥᠪ ᠤᠨ ᠰᠣᠷᠪᠣᠯᠵᠢᠯᠠᠬᠴᠢ  ᠰᠣᠨᠣᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号