ᠬᠤᠰᠢᠭᠤᠨ ᠤ ᠭᠠᠳᠠᠭᠠᠳᠦ ᠶᠠᠪᠤᠳᠠᠯ ᠤᠨ ᠠᠯᠪᠠᠨ ᠭᠡᠷ ᠬᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠪᠠ
ᠨᠡᠶᠢᠲᠡᠯᠡᠭᠰᠡᠨ ᠴᠠᠭ᠄
2021/8/12
       ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠪᠠᠳᠣᠳᠬᠠᠵᠦ᠂ ᠬᠢᠵᠢᠭ ᠤᠨ ᠪᠠᠶᠢᠳᠠᠯ ᠳᠡᠯᠭᠡᠷᠡᠬᠦ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠶᠢᠨ ᠲᠥᠯᠥᠭᠡ᠂ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠠᠵᠢᠯᠲᠠᠳ ᠢᠶᠠᠨ ᠵᠣᠬᠢᠶᠠᠨ ᠪᠠᠶᠢᠭᠤᠯᠵᠤ᠂ ᠠᠯᠳᠡᠨ ᠵᠡᠭᠡᠯᠢ ᠵᠠᠬ᠎ᠠ ᠳᠡᠯᠭᠡᠭᠦᠷ ᠤᠨ ᠬᠤᠶᠢᠲᠤ ᠡᠭᠦᠳᠡ ᠪᠠ ᠵᠡᠭᠦᠨ ᠡᠭᠦᠳᠡᠨ ᠳᠤ ᠵᠢᠵᠢᠭᠦᠷᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠢ ᠱᠠᠭᠠᠷᠳᠠᠨ ᠵᠢᠯᠣᠭᠤᠳᠪᠠ᠃        ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠬᠢᠵᠢᠭ ᠤᠨ ᠪᠠᠶᠢᠳᠠᠯ ᠤᠨ ᠬᠦᠨᠳᠦ ᠬᠡᠴᠡᠭᠦᠦ ᠪᠤᠳᠤᠯᠢᠶᠠᠨᠲᠠᠢ ᠪᠠᠶᠢᠳᠡᠯ ᠢ ᠲᠣᠳᠣᠷᠬᠠᠢ ᠲᠠᠨᠢᠵᠤ᠂ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠪᠠᠨ ᠴᠢᠩᠭᠠᠳᠬᠠᠵᠤ᠂ ᠪᠠᠶᠢᠩᠭᠤᠵᠢᠭᠤᠯᠤᠨ ᠰᠤᠯᠠᠷᠠᠭᠤᠯᠬᠤ ᠦᠭᠡᠢ ᠴᠢᠩᠭ᠎ᠠ ᠠᠳᠬᠤᠵᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠺᠣᠳ᠋ ᠪᠠᠶᠢᠴᠠᠭᠠᠬᠤ᠂ ᠠᠮᠠᠪᠴᠢ ᠵᠡᠭᠦᠬᠦ᠂ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ ᠵᠡᠷᠭᠡ ᠪᠠᠶᠢᠩᠭᠤ ᠶᠢᠨ ᠴᠢᠨᠠᠷᠲᠠᠢ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠶᠢ ᠤᠯᠠᠮ ᠪᠣᠳᠠᠲᠠᠢ ᠬᠥᠢᠴᠡᠳᠭᠡᠨ᠂ ᠠᠵᠢᠯᠯᠠᠭ᠎ᠠ ᠲᠡᠭᠡᠷ᠎ᠡ ᠪᠠᠨ ᠨᠡᠩ ᠲᠦᠷᠭᠡᠨ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠶᠢ ᠨᠡᠩ ᠴᠢᠩᠭ᠎ᠠ ᠠᠳᠬᠤᠵᠤ᠂ ᠬᠢᠵᠢᠭ ᠤᠨ ᠪᠠᠶᠢᠳᠡᠯ ᠬᠠᠯᠳᠠᠪᠤᠷᠢᠯᠠᠨ ᠣᠷᠣᠬᠤ ᠲᠥᠭᠰᠢᠬᠦᠷᠢ ᠶᠢ ᠡᠷᠡᠰ  ᠬᠤᠷᠢᠬᠯᠠᠵᠦ᠂ ᠬᠢᠵᠢᠭ ᠤᠨ ᠪᠠᠶᠢᠳᠡᠯ ᠤᠨ ᠲᠠᠬᠢᠨ ᠬᠠᠯᠳᠠᠪᠣᠷᠢᠯᠠᠬᠤ ᠰᠡᠷᠭᠡᠶᠢᠯᠡᠯᠳᠡ ᠶᠢᠨ ᠱᠣᠭᠤᠮ ᠢ ᠡᠷᠡᠰ ᠴᠢᠩᠭ᠎ᠠ ᠰᠠᠬᠢᠵᠦ᠂ ᠮᠠᠨ ᠤ ᠬᠤᠰᠢᠭᠤᠨ ᠳᠤ ᠬᠠᠯᠳᠠᠪᠣᠷᠢᠯᠠᠬᠳᠠᠬᠤ ᠥᠭᠡᠢ ᠪᠠᠶᠢᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ ᠪᠣᠢ᠃                           ᠬᠠᠮ ᠵᠠᠭᠤᠴᠢᠯᠠᠭᠤᠷ ᠤᠨ ᠲᠥᠪ ᠤᠨ ᠰᠣᠷᠪᠣᠯᠵᠢᠯᠠᠬᠴᠢ  ᠰᠣᠨᠣᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号