ᠴᠠᠩ ᠴᠢᠩ ᠬᠥᠯᠥᠨ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠄ ᠲᠠᠨᠢᠯᠲᠠ ᠪᠠᠨ ᠳᠡᠭᠡᠭᠰᠢᠯᠡᠭᠦᠯᠦᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠣᠳᠣᠬᠠᠨ ᠤ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠦᠯᠦᠪᠵᠢᠬᠦᠯᠦᠨ ᠰᠠᠶᠢᠲᠤᠷ ᠠᠳᠬᠤᠬᠤ ᠬᠡᠷᠡᠭᠲᠡᠶ
ᠨᠡᠶᠢᠲᠡᠯᠡᠭᠰᠡᠨ ᠴᠠᠭ᠄
2021/8/16
    8 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠬᠥᠯᠥᠨ ᠪᠠᠯᠭᠠᠰᠤᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠡᠷᠭᠡ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠲᠠᠨᠢᠯᠲᠠ ᠪᠠᠨ ᠳᠡᠭᠡᠭᠰᠢᠯᠡᠭᠦᠯᠦᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠣᠳᠣᠬᠠᠨ ᠤ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ  ᠲᠦᠯᠦᠪᠵᠢᠬᠦᠯᠦᠨ ᠰᠠᠶᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃
           ᠬᠥᠯᠥᠨ ᠠᠶᠢᠯ ᠨᠡᠶᠢᠭᠡᠮ ᠲᠣᠭᠤᠷᠢᠭ ᠤᠨ ᠨᠠᠮ ᠤᠨ ᠭᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠴᠠᠩ ᠴᠢᠩ ᠨᠡᠶᠢᠭᠡᠮ ᠲᠣᠭᠤᠷᠢᠭ ᠤᠨ ᠦᠨᠳᠦᠰᠦᠨ ᠪᠠᠶᠢᠳᠠᠯ ᠢ ᠨᠠᠷᠢᠯᠢᠭ ᠣᠶᠢᠯᠠᠭᠠᠬᠤ ᠶᠢᠨ ᠬᠠᠮᠲᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠤᠯᠭᠠᠨ᠂ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠰᠠᠶᠢᠲᠤᠷ ᠬᠢᠵᠦ᠂ ᠬᠠᠷᠢᠶᠠᠲᠤ ᠣᠷᠣᠨ ᠤ ᠨᠥᠬᠦᠴᠡᠯ ᠳᠤ ᠨᠡᠶᠢᠴᠡᠬᠦ ᠬᠥᠮᠦᠰ ᠢ ᠭᠥᠯᠢᠶᠡᠨ ᠠᠪᠬᠤ ᠶᠣᠰᠣᠲᠠᠶ ᠶᠢ ᠨᠢ ᠪᠦᠬᠦᠨ ᠢ ᠭᠥᠯᠢᠶᠡᠨ ᠠᠪᠴᠤ᠂ ᠦᠯᠦ ᠬᠠᠯᠳᠠᠭᠠᠬᠤ ᠬᠠᠯᠬᠠᠪᠴᠢ ᠶᠢ ᠡᠷᠲᠡᠬᠡᠨ ᠪᠠᠶᠢᠭᠤᠯᠵᠤ ᠂ ᠬᠢᠵᠢᠭ ᠤᠨ ᠪᠠᠶᠢᠳᠠᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠬᠤ ᠬᠡᠷᠡᠭᠲᠡᠶ ᠭᠡᠵᠡᠢ᠃
        ᠬᠥᠯᠥᠨ ᠪᠠᠯᠭᠠᠰᠦ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ ᠪᠠᠶᠢᠴᠠᠭᠠᠬᠤ ᠳᠠᠭᠠᠨ᠂ ᠴᠠᠩ ᠴᠢᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢ ᠴᠢᠨᠠᠭᠰᠢᠳᠠ ᠰᠠᠶᠢᠲᠤᠷ ᠬᠢᠵᠦ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠠᠶᠢᠯᠪᠤᠷᠢᠯᠠᠵᠤ᠂ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠳᠤᠰᠬᠠᠯ ᠥᠭᠴᠦ᠂ ᠠᠷᠠᠳ ᠤᠯᠠᠨ ᠨᠢᠭᠡᠪᠦᠷᠢ ᠳᠤ ᠬᠢᠵᠢᠭ ᠤᠨ ᠪᠠᠶᠢᠳᠠᠯ ᠢ ᠮᠡᠳᠡᠭᠦᠯᠵᠦ᠂ ᠬᠥᠮᠦᠨ ᠨᠢᠭᠡᠪᠦᠷᠢ ᠶᠢ ᠤᠷᠢᠳᠴᠢᠯᠠᠨ ᠰᠡᠷᠭᠡᠶᠢᠯᠡᠵᠦ ᠴᠢᠳᠠᠬᠤ ᠪᠤᠯᠭᠠᠨ᠎ᠠ ᠭᠡᠵᠡᠢ ᠃ ᠬᠥᠯᠥᠨ ᠪᠠᠯᠭᠠᠰᠦ ᠶᠢᠨ ᠨᠠᠮ ᠵᠠᠰᠠᠭ ᠤᠨ ᠠᠵᠢᠯᠯᠠᠬᠤ ᠭᠠᠵᠠᠷ ᠤᠨ ᠬᠤᠷᠠᠯ ᠤᠨ ᠭᠡᠷ ᠲᠤ᠂ ᠴᠠᠩ ᠴᠢᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠭᠡᠷᠡᠭᠯᠡᠬᠦ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠤᠨ ᠥᠷᠨᠢᠭᠦᠯᠦᠭᠰᠡᠨ ᠪᠠᠶᠢᠳᠠᠯ ᠢ ᠨᠠᠷᠢᠨ ᠬᠢᠨᠠᠮᠠᠭᠠᠢ ᠬᠦᠯᠢᠶᠡᠨ ᠰᠣᠨᠣᠰᠴᠠᠢ᠃
           ᠲᠡᠷᠡ᠂ ᠡᠬᠢ ᠡᠭᠦᠰᠦᠯ ᠠᠴᠠ ᠨᠢ ᠰᠢᠭᠰᠢᠨ ᠪᠠᠶᠢᠴᠠᠭᠠᠬᠤ ᠶᠢ ᠴᠢᠩᠭᠠᠳᠬᠠᠵᠤ᠂ ᠭᠠᠳᠠᠭᠠᠳᠤ ᠠᠴᠠ ᠬᠠᠯᠳᠠᠪᠦᠷᠢᠯᠠᠬᠤ ᠪᠣᠭᠤᠮᠲᠠ ᠶᠢ ᠴᠢᠩᠭ᠎ᠠ ᠠᠳᠬᠤᠵᠤ᠂ ᠰᠤᠮᠤ ᠪᠠᠯᠭᠠᠰᠤ᠂ ᠭᠠᠴᠠᠭ᠎ᠠ᠂ ᠨᠡᠶᠢᠭᠡᠮ ᠲᠣᠭᠤᠷᠢᠭ ᠤᠨ ᠬᠢᠵᠢᠭ ᠢ ᠰᠡᠷᠭᠡᠶᠢᠯᠡᠬᠦ ᠲᠣᠣᠷᠵᠢᠭᠤᠯᠤᠭᠰᠠᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠨᠡᠶᠢᠭᠡᠮ ᠤᠨ ᠲᠠᠯ᠎ᠠ ᠠᠴᠠ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠠᠮᠠᠭᠠᠯᠠᠬᠤ ᠮᠡᠳᠡᠯᠭᠡ ᠶᠢ ᠰᠢᠨᠵᠢᠯᠡᠬᠦ ᠤᠬᠠᠭᠠᠨᠴᠢ ᠪᠠᠷ ᠤᠬᠠᠭᠤᠯᠤᠨ᠂ ᠬᠥᠮᠦᠨ ᠪᠦᠬᠦᠨ ᠳᠤ ᠮᠡᠳᠡᠭᠦᠯᠬᠦ  ᠶᠢ ᠪᠡᠶᠡᠯᠡᠭᠦᠯᠵᠦ᠂ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢ ᠪᠦᠷᠬᠦᠬᠦᠯᠵᠦ᠂ ᠤᠯᠠᠨ ᠲᠦᠮᠡᠨ ᠤ ᠥᠪᠡᠷ ᠢ ᠪᠠᠨ ᠰᠡᠷᠭᠡᠶᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠭᠠᠳᠠᠨ᠎ᠠ ᠠᠴᠠ ᠢᠷᠡᠭᠰᠡᠨ ᠮᠠᠯ ᠢ ᠲᠤᠰᠠᠭᠠᠷᠯᠠᠬᠤ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠬᠠᠮᠢᠶᠠᠷᠤᠨ ᠡᠵᠡᠮᠳᠡᠬᠦ ᠶᠢᠨ ᠬᠠᠮᠲᠤ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠮᠠᠯᠴᠢᠳ ᠤᠨ ᠮᠠᠯ ᠤᠨ ᠬᠢᠵᠢᠭ ᠡᠪᠡᠳᠴᠢᠨ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ︽ᠭᠤᠷᠪᠠᠨ ᠬᠢᠴᠢᠶᠡᠯ ᠲᠦᠷᠦᠯ︾  ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠵᠡᠷᠭᠡ ᠠᠵᠢᠯ ᠤᠨ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠠᠢ᠃                    ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号