ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/8/17
    ᠠᠮᠢᠲᠠᠨ ᠤ ᠬᠢᠵᠢᠭ ᠳᠡᠯᠭᠡᠷᠡᠬᠦ ᠶᠢ ᠪᠦᠲᠦᠮᠵᠢᠲᠡᠶ ᠬᠢᠵᠠᠭᠠᠷᠯᠠᠵᠤ᠂ ᠥᠷᠭᠡᠨ ᠣᠯᠠᠨ ᠮᠠᠯᠴᠢᠨ᠂ ᠲᠡᠵᠢᠭᠡᠨ ᠦᠷᠡᠵᠢᠭᠦᠯᠬᠦ ᠡᠷᠦᠬᠡ ᠳᠤ ᠠᠮᠤᠷ ᠲᠦᠪᠰᠢᠨ᠂ ᠡᠮᠬᠢ ᠵᠢᠷᠤᠮ ᠲᠠᠢ ᠠᠮᠢᠳᠤ ᠮᠠᠯ ᠤᠨ ᠠᠷᠠᠯᠵᠢᠶᠠᠨ ᠤ ᠣᠷᠴᠢᠨ ᠲᠣᠭᠤᠷᠢᠨ ᠢ ᠡᠭᠦᠳᠴᠦ ᠥᠭᠬᠦ ᠶᠢᠨ ᠲᠥᠯᠥᠭᠡ᠂ 8 ᠰᠠᠷ᠎ᠠ ᠶᠢᠨ 16 ᠤ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠵᠤ ᠠᠯᠳ᠋ᠬᠠᠮᠡᠭᠡᠯ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠲᠤᠰᠬᠠᠶ ᠴᠡᠭᠴᠡᠯᠡᠨ ᠵᠠᠰᠠᠯᠲᠠ ᠥᠷᠨᠢᠭᠦᠯᠪᠡ᠃
        ᠬᠠᠤᠯᠢ ᠬᠡᠷᠡᠭᠵᠢᠭᠦᠯᠬᠦ ᠠᠵᠢᠯᠲᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ︽ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠢ ᠬᠢᠨᠠᠨ ᠪᠠᠶᠢᠴᠠᠭᠠᠬᠤ ᠠᠷᠭ᠎ᠠ︾ ᠶᠣᠰᠣᠭᠠᠷ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠴᠢᠩᠭ᠎ᠠ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠬᠤᠭᠤᠴᠠᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠠᠢ᠃ ᠡᠭᠦᠨ ᠤ ᠬᠠᠮᠲᠤ ᠬᠤᠯᠪᠣᠭᠳᠠᠯ ᠪᠦᠬᠦᠢ ᠠᠵᠢᠯᠯᠠᠭᠴᠢᠳ ᠢ ᠬᠢᠵᠢᠭ ᠤᠨ ᠪᠠᠶᠢᠴᠠᠭᠠᠯᠲᠠ ᠶᠢᠨ ᠭᠡᠷᠡᠴᠢᠯᠡᠯ ᠦᠭᠡᠢ ᠠᠮᠢᠲᠠᠨ ᠢ ᠡᠵᠡᠩᠨᠡᠨ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠬᠤ ᠶᠢ ᠱᠠᠭᠠᠷᠳᠠᠪᠠ᠃
   
    ᠲᠣᠰ ᠤᠳᠠᠭ᠎ᠠ ᠳᠤ ᠬᠠᠤᠯᠢ ᠬᠡᠷᠡᠭᠵᠢᠭᠦᠯᠬᠦ ᠠᠵᠢᠯᠲᠠᠨ 8 ᠬᠥᠮᠦᠨ ᠤᠳᠠᠭ᠎ᠠ᠂ 2 ᠳᠡᠷᠭᠡ ᠤᠳᠠᠭ᠎ᠠ ᠬᠦᠳᠡᠯᠵᠦ ᠂ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠤᠯᠠᠮ ᠴᠢᠨᠠᠭᠰᠢᠳᠠ ᠲᠦᠷᠢᠮᠵᠢᠬᠦᠯᠵᠦ᠂ ᠠᠮᠢᠲᠠᠨ ᠤ ᠬᠢᠵᠢᠭ ᠡᠪᠡᠳᠴᠢᠨ ᠡᠭᠦᠰᠬᠦ ᠶᠢ ᠰᠡᠷᠭᠡᠶᠢᠯᠡᠬᠦ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃
               ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号