ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠠᠭᠠᠨᠮᠥ᠋ᠴᠢᠷ ᠪᠥᠬᠦ ᠣᠷᠣᠨ ᠤ ᠨᠢᠭᠡᠳᠦᠭᠡᠷ ᠲᠥᠷᠥᠯ ᠤᠨ ᠰᠢᠯᠢᠳᠡᠭ ᠤᠯᠠᠭᠠᠨᠮᠥ᠋ᠴᠢᠷ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2021/8/17
    ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠢ ᠬᠢᠨᠠᠨ ᠰᠢᠯᠭᠠᠵᠤ ᠦᠨᠡᠯᠡᠨ ᠵᠢᠱᠢᠬᠦ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ ᠪᠥᠬᠦ ᠣᠷᠣᠨ ᠤ 71 ᠬᠤᠰᠢᠭᠤ ᠰᠢᠶᠠᠨ ᠤ ᠤᠯᠠᠭᠠᠨᠮᠥ᠋ᠴᠢᠷ ᠤᠨ 2018 ᠣᠨ ᠠᠴᠠ 2020 ᠣᠨ ᠪᠣᠯᠲᠠᠯᠠᠬᠢ ᠠᠵᠢᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠬᠠᠮᠤᠭ ᠡᠴᠦᠰ ᠲᠤ ᠨᠢᠭᠡᠳᠦᠭᠡᠷ ᠲᠥᠷᠥᠯ ᠤᠨ ᠰᠢᠯᠢᠳᠡᠭ ᠤᠯᠠᠭᠠᠨᠮᠥ᠋ᠴᠢᠷ 25᠂ ᠨᠢᠭᠡᠳᠦᠭᠡᠷ ᠲᠥᠷᠥᠯ ᠤᠨ ᠤᠯᠠᠭᠠᠨᠮᠥ᠋ᠴᠢᠷ 25᠂ ᠬᠤᠶᠠᠳᠤᠭᠠᠷ ᠲᠥᠷᠥᠯ ᠤᠨ ᠤᠯᠠᠭᠠᠨᠮᠥ᠋ᠴᠢᠷ 21 ᠶᠢ ᠰᠢᠯᠭᠠᠷᠠᠭᠤᠯᠤᠨ ᠭᠠᠷᠭᠠᠪᠠ᠃ ᠡᠭᠦᠨ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠠᠭᠠᠨᠮᠥ᠋ᠴᠢᠷ ᠨᠢᠭᠡᠳᠦᠭᠡᠷ ᠲᠥᠷᠥᠯ ᠤᠨ ᠰᠢᠯᠢᠳᠡᠭ ᠤᠯᠠᠭᠠᠨᠮᠥ᠋ᠴᠢᠷ ᠢᠶᠠᠷ ᠦᠨᠡᠯᠡᠭᠳᠡᠪᠡ᠃
        ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠠᠭᠠᠨᠮᠥ᠋ᠴᠢᠷ 1963 ᠣᠨ ᠤ 1 ᠰᠠᠷ᠎ᠠ ᠶᠢᠨ 15 ᠤ ᠡᠳᠦᠷ ᠪᠠᠶᠢᠭᠤᠯᠤᠭᠳᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠦᠩᠬᠡᠨ ᠮᠣᠷᠢᠲᠤ ᠴᠡᠷᠢᠭ︾ ᠪᠤᠯᠬᠤ ᠶᠢ ᠪᠠᠳᠦ ᠴᠡᠭᠡᠵᠢᠯᠡᠭᠰᠡᠨ ᠪᠠᠶᠢᠨ᠎ᠠ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠤᠯᠠᠭᠠᠨᠮᠥ᠋ᠴᠢᠷ ᠤᠨ ᠬᠢᠨ ᠰᠤᠷᠳᠠᠯᠴᠢᠯᠠᠨ ᠤᠬᠠᠭᠤᠯᠬᠤ᠂ ᠦᠢᠯᠡᠴᠢᠯᠡᠬᠦ᠂ ᠬᠠᠪᠰᠤᠷᠤᠨ ᠵᠢᠯᠣᠭᠤᠳᠬᠤ᠂ ᠲᠣᠭᠯᠠᠯᠲᠠ ᠭᠠᠷᠭᠠᠬᠤ᠂ ᠰᠢᠨ᠎ᠡ ᠶᠢ ᠡᠭᠦᠳᠬᠦ᠂ ᠵᠣᠬᠢᠶᠠᠨ ᠪᠦᠲᠦᠭᠡᠬᠦ ᠵᠢᠷᠭᠤᠭᠠᠨ ᠦᠨᠳᠦᠰᠦᠨ ᠡᠭᠦᠷᠭᠡ ᠴᠢᠳᠠᠪᠤᠷᠢ ᠶᠢ ᠡᠷᠡᠰ ᠭᠤᠶᠢᠪᠢᠰᠢ ᠥᠬᠡᠶ ᠬᠡᠷᠡᠭᠵᠢᠭᠦᠯᠵᠦ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠨ᠂ ᠮᠠᠯᠵᠢᠬᠤ ᠲᠠᠷᠢᠶᠠᠯᠠᠬᠤ ᠣᠷᠣᠨ᠂ ᠴᠡᠷᠢᠭ ᠠᠩᠭᠢ᠂ ᠰᠤᠷᠭᠠᠭᠤᠯᠢ᠂ ᠠᠭᠤᠳᠠᠮ ᠲᠠᠯᠠᠪᠠᠶ ᠵᠡᠷᠭᠡ ᠭᠠᠵᠠᠷ ᠢᠶᠠᠷ ᠢᠳᠡᠪᠬᠢᠲᠡᠶ ᠲᠣᠭᠯᠠᠯᠲᠠ ᠭᠠᠷᠭᠠᠵᠤ᠂ ᠵᠢᠯ ᠪᠦᠷᠢ ᠨᠡᠶᠢᠲᠡ 100 ᠭᠠᠷᠤᠶ ᠲᠠᠯᠠᠪᠤᠷ ᠲᠣᠭᠯᠠᠯᠲᠠ ᠭᠠᠷᠭᠠᠵᠤ᠂ ᠮᠠᠯᠴᠢᠨ ᠲᠦᠮᠡᠨ ᠳᠤ ︽ᠮᠠᠨ ᠤ ᠤᠯᠠᠭᠠᠨᠮᠥ᠋ᠴᠢᠷ︾ ᠭᠡᠭᠳᠡᠳᠡᠭ᠃
        ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠠᠭᠠᠨᠮᠥ᠋ᠴᠢᠷ ︽ᠨᠢᠭᠡᠳᠦᠭᠡᠷ ᠲᠥᠷᠥᠯ ᠤᠨ ᠰᠢᠯᠢᠳᠡᠭ ᠤᠯᠠᠭᠠᠨᠮᠥ᠋ᠴᠢᠷ︾ ᠤᠨ ᠢᠷᠠᠭᠤ ᠠᠯᠳᠠᠷ ᠢᠶᠠᠨ ᠨᠠᠨᠳᠢᠩᠨᠠᠵᠤ᠂ ᠳᠤᠯᠭᠤᠷ ᠵᠣᠷᠢᠯᠲᠠ ᠪᠠᠨ ᠮᠠᠷᠲᠠᠯ ᠥᠬᠡᠶ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠲᠠᠭᠤᠨ ᠪᠠ ᠬᠠᠯᠠᠮᠵᠢᠯᠠᠯ ᠢ ᠨᠠᠩ ᠬᠦᠴᠦᠲᠡᠶ ᠳᠠᠮᠵᠢᠭᠤᠯᠵᠤ᠂ ᠤᠯᠠᠭᠠᠨᠮᠥ᠋ᠴᠢᠷ ᠤᠨ ᠡᠩᠨᠡᠭᠡ ᠶᠢᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ᠂ ᠵᠣᠬᠢᠶᠠᠨ ᠪᠦᠲᠦᠭᠡᠬᠦ ᠬᠢᠷᠢ ᠲᠦᠪᠰᠢᠨ ᠪᠠ ᠮᠠᠯᠴᠢᠨ ᠲᠠᠷᠢᠶᠠᠴᠢᠨ ᠳᠤ ᠦᠢᠯᠡᠴᠢᠯᠡᠬᠦ ᠴᠢᠳᠠᠪᠤᠷᠢ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠣᠶᠣᠯ ᠤᠨ ᠴᠡᠴᠡᠭᠯᠡᠯ ᠬᠥᠭᠵᠢᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠳᠤ ᠢᠳᠡᠪᠬᠢᠲᠡᠶ ᠬᠤᠪᠢ ᠨᠡᠮᠡᠷᠢ ᠪᠠᠨ ᠦᠵᠡᠭᠦᠯᠦᠨ᠎ᠡ᠃
                 ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号