ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠠᠮ ᠤᠨ ᠰᠦᠯᠳᠡ ᠨᠠᠮ ᠤᠨ ᠲᠤᠭ ᠤᠨ ᠨᠡᠷ᠎ᠡ ᠬᠦᠨᠳᠦ ᠶᠢ ᠬᠠᠮᠠᠭᠠᠯᠠᠵᠤ ᠪᠦᠯᠬᠦᠮᠳᠡᠨ ᠲᠡᠮᠡᠴᠡᠬᠦ ᠬᠦᠴᠦᠨ ᠢ ᠨᠢᠭᠲᠠᠷᠠᠭᠤᠯᠤᠨ᠎ᠠ
ᠨᠡᠶᠢᠲᠡᠯᠡᠭᠰᠡᠨ ᠴᠠᠭ᠄
2021/8/17
    ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ᠂ ᠨᠠᠮ ᠤᠨ ᠰᠦᠯᠳᠡ ᠨᠠᠮ ᠤᠨ ᠲᠤᠭ ᠤᠨ ᠭᠦᠨ ᠠᠭᠤᠯᠤᠭᠳᠠᠬᠤᠨ ᠪᠠ ᠠᠵᠢᠯ ᠤᠨ ᠱᠠᠭᠠᠷᠳᠠᠯᠭ᠎ᠠ ᠶᠢ ᠵᠥᠪ ᠲᠠᠨᠢᠭᠤᠯᠵᠤ᠂ ᠨᠠᠮ ᠤᠨ ᠰᠦᠯᠳᠡ ᠨᠠᠮ ᠤᠨ ᠲᠤᠭ ᠵᠢᠴᠢ ᠲᠡᠭᠦᠨ ᠤ ᠭᠡ ᠵᠢᠷᠤᠭ ᠢ ᠤᠬᠠᠮᠰᠠᠷ ᠠᠴᠠ ᠪᠠᠨ ᠲᠦᠷᠢᠮᠵᠢᠬᠦᠯᠦᠨ ᠬᠡᠷᠡᠭᠯᠡᠬᠦ ᠶᠢᠨ ᠲᠥᠯᠥᠭᠡ᠂ 8 ᠰᠠᠷ᠎ᠠ ᠶᠢᠨ 16 ᠤ ᠡᠳᠦᠷ᠂ ᠬᠤᠰᠢᠭᠤᠨ ᠤ ᠬᠠᠤᠯᠢ ᠴᠠᠭᠠᠵᠠ ᠶᠢᠨ ᠳᠤᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ ᠨᠠᠮ ᠤᠨ ᠭᠡᠰᠢᠭᠦᠨ ᠤ ᠶᠡᠭᠡ ᠬᠤᠷᠠᠯ ᠬᠤᠷᠠᠯᠳᠤᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠯᠳᠡ ᠨᠠᠮ ᠤᠨ ᠲᠤᠭ ᠤᠨ ᠳᠦᠷᠢᠮ︾ ᠢ ᠲᠥᠪᠯᠡᠷᠡᠭᠦᠯᠦᠨ ᠰᠤᠷᠤᠯᠴᠠᠪᠠ᠃  
        ᠬᠤᠷᠠᠯ ᠳᠡᠭᠡᠷ᠎ᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠯᠳᠡ ᠨᠠᠮ ᠤᠨ ᠲᠤᠭ ᠤᠨ ᠳᠦᠷᠢᠮ︾ ︵ᠳᠤᠤᠷ᠎ᠠ ︽ᠳᠦᠷᠢᠮ︾ ᠭᠡᠵᠦ ᠲᠦᠬᠦᠮᠴᠢᠯᠡᠶ᠎ᠡ︶ ᠳᠠᠬᠢ ᠨᠠᠮ ᠤᠨ ᠰᠦᠯᠳᠡ ᠨᠠᠮ ᠤᠨ ᠲᠤᠭ ᠢ ᠦᠢᠯᠡᠳᠪᠦᠷᠢᠯᠡᠵᠦ ᠦᠢᠯᠡᠳᠬᠦ᠂ ᠬᠡᠷᠡᠭᠯᠡᠵᠦ ᠬᠠᠮᠢᠶᠠᠷᠬᠤ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠵᠡᠷᠭᠡ 5 ᠲᠠᠯ᠎ᠠ ᠠᠴᠠ ᠪᠦᠯᠦᠭ ᠳᠠᠷᠠᠭᠠᠯᠠᠨ ᠰᠤᠷᠤᠯᠴᠠᠵᠤ᠂ ᠨᠠᠮ ᠤᠨ ᠭᠡᠰᠢᠭᠦᠨ ᠺᠠᠳ᠋ᠷ ᠤᠨ ᠨᠠᠮ ᠤᠨ ᠰᠦᠯᠳᠡ ᠨᠠᠮ ᠤᠨ ᠲᠤᠭ ᠤᠨ ᠲᠡᠦᠬᠡ ᠪᠠ ᠠᠭᠤᠯᠤᠭᠳᠠᠬᠤᠨ ᠤ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠵᠡᠢ᠃ ᠰᠤᠷᠤᠯᠴᠠᠯᠭ᠎ᠠ ᠪᠠᠷ ᠲᠠᠮᠵᠢᠨ᠂ ᠪᠦᠬᠦ ᠨᠠᠮ ᠤᠨ ᠭᠡᠰᠢᠭᠦᠳ ︽ᠲᠦᠷᠢᠮ︾ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ ᠂ ᠨᠠᠮ ᠤᠨ ᠰᠦᠯᠳᠡ ᠨᠠᠮ ᠤᠨ ᠲᠤᠭ ᠤᠨ ᠨᠡᠷ᠎ᠡ ᠬᠦᠨᠳᠦ ᠶᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠂ ᠨᠠᠮ ᠤᠨ ᠰᠦᠯᠳᠡ ᠨᠠᠮ ᠤᠨ ᠲᠤᠭ ᠤᠨ ᠲᠤᠬᠠᠶ ᠮᠡᠳᠡᠯᠭᠡ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠠ ᠨᠠᠮ ᠤᠨ ᠭᠡᠰᠢᠭᠦᠨ ᠤ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠶᠢᠨ ᠴᠢᠬᠤᠯᠠ ᠠᠭᠤᠯᠭ᠎ᠠ ᠪᠤᠯᠭᠠᠨ᠂ ᠨᠠᠮ ᠤᠨ ᠰᠦᠯᠳᠡ ᠨᠠᠮ ᠤᠨ ᠲᠤᠭ ᠤᠨ ᠭᠦᠨᠵᠡᠭᠡᠶ ᠠᠭᠤᠯᠤᠭᠳᠠᠬᠤᠨ ᠪᠠ ᠠᠵᠢᠯ ᠤᠨ ᠱᠠᠭᠠᠷᠳᠠᠯᠭ᠎ᠠ ᠶᠢ ᠰᠤᠷᠤᠯᠴᠠᠵᠤ᠂ ᠨᠠᠮ ᠤᠨ ᠰᠦᠯᠳᠡ ᠨᠠᠮ ᠤᠨ ᠲᠤᠭ ᠵᠢᠴᠢ ᠲᠡᠭᠦᠨ ᠤ ᠬᠡ ᠵᠢᠷᠤᠭ ᠢ ᠤᠬᠠᠮᠰᠠᠷ ᠠᠴᠠ ᠪᠠᠨ ᠲᠦᠷᠢᠮᠵᠢᠬᠦᠯᠦᠨ ᠭᠡᠷᠡᠭᠯᠡᠬᠦ ᠪᠤᠯᠵᠠᠢ᠃  
        ︽ᠨᠢᠭᠡ ᠨᠠᠮ ᠤᠨ ᠭᠡᠰᠢᠭᠦᠨ ᠪᠣᠯ ᠨᠢᠭᠡ ᠲᠤᠭ ᠲᠡᠮᠳᠡᠭ ᠮᠥᠨ︾᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠳᠤᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ ︽ᠳᠦᠷᠢᠮ︾ ᠢ ᠦᠷᠭᠦᠯᠵᠢᠯᠡᠨ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠦᠯᠳᠡ ᠨᠠᠮ ᠤᠨ ᠲᠤᠭ ᠤᠨ ᠤᠯᠤᠰ ᠲᠦᠷᠦ ᠶᠢᠨ ᠴᠢᠳᠠᠪᠬᠢ ᠶᠢ ᠭᠦᠢᠴᠡᠳ ᠪᠠᠳᠠᠷᠠᠭᠤᠯᠤᠨ᠂ ᠨᠠᠮ ᠤᠨ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠴᠢᠩᠭᠠᠳᠬᠠᠵᠤ᠂ ᠨᠠᠮ ᠤᠨ ᠭᠡᠰᠢᠭᠦᠨ ᠤ ᠨᠠᠮ ᠤᠨ ᠤᠬᠠᠮᠰᠠᠷ ᠢ ᠴᠢᠨᠠᠭᠰᠢᠳᠠ ᠬᠥᠭᠵᠢᠭᠡᠨ᠎ᠡ᠃                ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号