8 ᠰᠠᠷ᠎ᠠ ᠶᠢᠨ 17 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ | ᠬᠤᠷᠠᠯ ᠤᠨ ᠭᠡᠷ ᠲᠤ᠂ 2021 ᠣᠨ ᠤ ᠳᠡᠭᠡᠷ᠎ᠡ ᠬᠠᠭᠠᠰ ᠵᠢᠯ ᠤᠨ ᠦᠵᠡᠯ ᠤᠬᠠᠮᠰᠠᠷ ᠤᠨ ᠬᠡᠯᠪᠡᠷᠢ ᠶᠢᠨ | ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠬᠤᠷᠠᠯ ᠢ ᠬᠤᠷᠠᠯᠳᠤᠭᠤᠯᠵᠤ᠂ ᠲᠥᠪ ᠬᠤᠷᠢᠶ᠎ᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠷ᠎ᠡ ᠬᠠᠭᠠᠰ ᠵᠢᠯ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ | ᠳ᠋ᠦᠩᠨᠡᠨ᠂ ᠳᠣᠤᠷ᠎ᠠ ᠬᠠᠭᠠᠰ ᠵᠢᠯ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠤ ᠵᠠᠳᠠᠯᠤᠯᠲᠠ ᠬᠢᠵᠦ | ᠰᠤᠳᠤᠯᠤᠨ ᠮᠠᠭᠠᠳᠯᠠᠯᠲᠠ ᠬᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠲᠦᠷᠢᠮ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠦᠵᠡᠯ | ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠢ ᠦᠨᠡᠨᠬᠦ ᠰᠠᠶᠢᠲᠤᠷ ᠬᠠᠮᠠᠭᠠᠯᠠᠵᠤ | ᠪᠠᠬᠢᠵᠢᠬᠦᠯᠪᠡ᠃ ᠬᠤᠰᠢᠭᠤᠨ ᠤ ᠤᠳᠤᠷᠢᠳᠤᠯᠭ᠎ᠠ ᠪᠦᠬᠡᠪᠠᠶᠠᠷ᠂ ᠵᠢᠶᠠ ᡁᠢ ᠺᠦᠶ᠂ ᠪᠠᠶ ᠴᠦᠨ ᠮᠧᠶ᠂ ᠯᠢ ᠵᠢᠶᠠᠨ᠂ | ᠡᠷᠳᠡᠨᠢᠪᠦ᠋ᠭᠡ ᠬᠤᠷᠠᠯ ᠳᠤ ᠣᠷᠣᠯᠴᠠᠪᠠ᠃ | | | | | ᠬᠤᠷᠠᠯ ᠠᠴᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠢ ᠵᠠᠳᠠᠯᠤᠨ ᠰᠤᠳᠤᠯᠵᠤ ᠮᠠᠭᠠᠳᠯᠠᠭᠰᠠᠨ ᠮᠡᠳᠡᠭᠦᠯᠦᠯᠲᠡ ᠵᠢᠴᠢ ᠰᠤᠷᠭᠠᠨ | ᠬᠥᠮᠦᠵᠢᠯ ᠤᠨ ᠳᠤᠪᠴᠢᠶ᠎ᠠ᠂ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ᠂ | ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠥᠪ ᠤᠨ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠴᠠᠢ᠃ | ᠪᠦᠬᠡᠪᠠᠶᠠᠷ᠂ ᠶᠡᠷᠦᠩᠬᠡᠢ ᠱᠦᠵᠢ ᠰᠢ ᠶᠢᠨ ᠫᠢᠩ ᠠᠴᠠ ︽ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ | ᠰᠠᠶᠢᠲᠤᠷ ᠬᠢᠵᠦ ᠴᠢᠳᠠᠬᠤ ᠡᠰᠡᠬᠦ ᠨᠢ ᠨᠠᠮ ᠤᠨ ᠢᠷᠡᠭᠡᠳᠦᠢ ᠶᠢᠨ ᠬᠤᠪᠢ ᠵᠠᠶᠠᠭ᠎ᠠ᠂ ᠤᠯᠤᠰ ᠤᠨ ᠥᠨᠢ ᠤᠳᠠᠭᠠᠨ | ᠠᠮᠤᠷ ᠲᠣᠭᠲᠠᠭᠤᠨ ᠪᠠ ᠦᠨᠳᠦᠰᠦᠲᠡᠨ ᠤ ᠨᠢᠭᠲᠠᠷᠠᠯ ᠤᠨ ᠬᠦᠴᠦᠨ ᠪᠣᠯᠤᠨ ᠲᠦᠪᠯᠡᠷᠡᠩᠬᠦᠢ ᠬᠦᠴᠦᠨ ᠲᠠᠢ | ᠬᠤᠯᠪᠣᠭᠳᠠᠨ᠎ᠠ︾ ᠭᠡᠵᠦ ᠵᠢᠭᠠᠵᠤ ᠭᠠᠷᠭᠠᠭᠰᠠᠨ ᠪᠠᠶᠢᠨ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠢᠨ ᠱᠦᠵᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠲᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠵᠢᠭᠰᠠᠭᠠᠯ ᠤᠨ ᠭᠠᠵᠠᠷ ᠢᠶᠠᠨ ᠰᠠᠶᠢᠲᠤᠷ ᠰᠠᠬᠢᠵᠤ᠂ | ᠡᠩᠨᠡᠭᠡ ᠪᠠᠨ ᠰᠠᠶᠢᠲᠤᠷ ᠬᠠᠮᠢᠶᠠᠷᠤᠨ᠂ ᠦᠵᠡᠯ ᠤᠬᠠᠮᠰᠠᠷ ᠤᠨ ᠬᠡᠯᠪᠡᠷᠢ ᠶᠢᠨ ᠨᠢᠭᠡᠳᠦᠭᠡᠷ ᠬᠠᠷᠢᠭᠤᠴᠠᠯᠭᠠᠲᠠᠨ ᠤ | ᠬᠠᠷᠢᠭᠤᠴᠠᠯᠭ᠎ᠠ ᠶᠢ ᠦᠨᠡᠨᠬᠦ ᠮᠥᠷᠥᠨ ᠳᠡᠭᠡᠷ᠎ᠡ ᠪᠠᠨ ᠡᠭᠦᠷᠭᠡᠯᠡᠬᠦ ᠬᠡᠷᠡᠭᠲᠡᠢ᠃ ᠤᠬᠠᠭᠤᠯᠭ᠎ᠠ ᠶᠢᠨ ᠰᠠᠯᠠᠭ᠎ᠠ ᠮᠥᠴᠢᠷ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠭᠤᠣᠯᠯᠠᠨ ᠬᠠᠮᠢᠶᠠᠷᠬᠤ ᠡᠭᠦᠷᠭᠡ ᠴᠢᠳᠠᠪᠬᠢᠳᠤ ᠰᠠᠯᠠᠭ᠎ᠠ ᠮᠥᠴᠢᠷ | ᠪᠣᠯᠤᠭᠰᠠᠨ ᠤ ᠬᠤᠪᠢ ᠳᠤ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ | ᠵᠢᠯᠣᠭᠤᠳᠬᠤ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠱᠠᠯᠠᠪᠳᠠᠭᠤᠯᠤᠨ ᠪᠠᠶᠢᠴᠠᠭᠠᠬᠤ ᠡᠭᠦᠷᠭᠡ | ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠬᠦᠢᠴᠡᠳᠭᠡᠨ᠂ ᠤᠨᠤᠯ ᠢᠶᠠᠷ ᠵᠡᠪᠰᠡᠭᠯᠡᠬᠦ ᠶᠢ ᠰᠠᠶᠢᠲᠤᠷ ᠠᠳᠬᠤᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠳᠠᠰᠤᠷᠠᠯᠳᠠ ᠦᠬᠡᠢ ᠪᠠᠬᠢᠵᠢᠬᠦᠯᠦᠨ᠂ | ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠭᠡᠷᠡᠭᠯᠡᠬᠦ ᠠᠵᠢᠯ ᠢ ᠨᠠᠷᠢᠨ ᠬᠢᠨᠠᠮᠠᠭᠠᠢ ᠰᠠᠶᠢᠲᠤᠷ | ᠬᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠦᠵᠡᠯ | ᠤᠬᠠᠮᠰᠠᠷ ᠤᠨ ᠬᠡᠯᠪᠡᠷᠢ ᠶᠢᠨ ᠳᠦᠷᠢᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠵᠡᠢ᠃ ᠲᠡᠷᠡ | ᠪᠠᠰᠠ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠪᠠᠷ ᠠᠵᠠ ᠲᠣᠬᠢᠶᠠᠯ ᠪᠤᠯᠭᠠᠨ᠂ ᠤᠶᠤᠨ ᠤ | ᠪᠣᠯᠪᠠᠰᠤᠨ ᠤ ᠪᠠᠶᠢᠭᠤᠯᠤᠯᠲᠠ ᠶᠢ ᠶᠡᠬᠡᠪᠡᠷ ᠳᠡᠭᠡᠭᠰᠢᠯᠡᠭᠦᠯᠵᠦ᠂ ᠰᠠᠶᠢᠨ ᠨᠡᠶᠢᠲᠡᠯᠢᠭ ᠵᠢᠱᠢᠶ᠎ᠡ ᠶᠢ ᠰᠣᠩᠭᠤᠨ ᠪᠤᠢ | ᠪᠣᠯᠭᠠᠵᠤ᠂ ᠨᠡᠶᠢᠭᠡᠮ ᠤᠨ ᠢᠳᠡᠪᠬᠢ ᠬᠦᠴᠦᠨ ᠢ ᠲᠠᠰᠤᠷᠠᠯᠳᠠ ᠦᠬᠡᠢ ᠬᠤᠷᠠᠮᠳᠤᠭᠤᠯᠬᠤ ᠬᠡᠷᠡᠭᠲᠡᠢ︔ ᠤᠳᠬ᠎ᠠ | ᠤᠷᠠᠯᠢᠭ ᠰᠣᠶᠣᠯ ᠤᠨ ᠠᠵᠢᠯᠯᠠᠭ᠎ᠠ ᠶᠢ ᠪᠠᠶᠠᠯᠢᠭᠵᠢᠭᠤᠯᠵᠤ᠂ ᠤᠯᠠᠨ ᠲᠦᠮᠡᠨ ᠤ ᠤᠶᠤᠨ ᠰᠠᠨᠠᠭᠠᠨ ᠤ ᠬᠦᠴᠦᠨ ᠢ | ᠲᠠᠰᠤᠷᠠᠯᠳᠠ ᠦᠭᠡᠢ ᠨᠢᠭᠲᠠᠷᠠᠭᠤᠯᠬᠤ ᠬᠡᠷᠡᠭᠲᠡᠢ︔ ᠪᠣᠳᠠᠲᠠᠶ ᠳᠤ ᠰᠠᠭᠤᠷᠢᠯᠠᠨ᠂ ᠬᠥᠳᠡᠭᠡ ᠲᠣᠰᠬᠤᠨ ᠤ ᠵᠠᠩ | ᠰᠤᠷᠲᠠᠯ ᠤᠨ ᠪᠣᠯᠪᠠᠰᠤᠨ ᠢ ᠶᠡᠬᠡᠪᠡᠷ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠬᠡᠷᠡᠭᠲᠡᠶ ᠭᠡᠵᠡᠢ᠃ | | | | | ᠪᠦᠬᠡᠪᠠᠶᠠᠷ᠂ ᠲᠥᠪ ᠴᠢᠬᠡᠴᠢ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠵᠠᠭᠤᠴᠢᠯᠠᠭᠤᠷ ᠤᠨ ᠠᠭᠤᠰᠤᠯᠴᠠᠨ | ᠬᠥᠭᠵᠢᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠣᠯ ᠤᠷᠤᠰᠬᠠᠯ ᠤᠨ ᠶᠠᠷᠢᠶ᠎ᠠ ᠬᠡᠯᠡᠯᠴᠡᠭᠡᠨ ᠤ ᠵᠢᠭᠰᠠᠭᠠᠯ ᠤᠨ | ᠭᠠᠵᠠᠷ ᠢ ᠲᠠᠰᠤᠷᠠᠯᠲᠠ ᠦᠭᠡᠢ ᠪᠤᠵᠠᠭᠠᠶᠢᠷᠠᠭᠤᠯᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ | ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ | ᠭᠠᠵᠠᠷ ᠤᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠨᠢᠭᠲᠠ ᠠᠩᠬᠠᠷᠴᠤ᠂ ᠰᠦᠯᠵᠢᠶᠡᠨ ᠤ ᠦᠵᠡᠯ | ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠰᠦᠯᠵᠢᠶᠡᠨ ᠳᠡᠭᠡᠷ᠎ᠡ ᠢᠯᠡᠷᠡᠭᠰᠡᠨ ᠰᠡᠷᠭᠡᠭ | ᠠᠰᠠᠭᠤᠳᠠᠯ ᠪᠠ ᠭᠡᠨᠡᠳᠲᠡ ᠶᠢᠨ ᠬᠡᠷᠡᠭ ᠤᠨ ᠴᠠᠭ ᠬᠤᠭᠤᠴᠠᠭ᠎ᠠ᠂ ᠬᠡᠮᠵᠢᠶ᠎ᠡ᠂ ᠦᠷ᠎ᠡ ᠪᠦᠲᠦᠮᠵᠢ ᠶᠢ ᠰᠠᠶᠢᠲᠤᠷ | ᠡᠵᠡᠮᠳᠡᠵᠦ᠂ ᠢᠳᠡᠪᠬᠢᠲᠡᠶ ᠪᠥᠭᠡᠳ ᠯᠠᠪᠳᠠᠭᠤᠨ ᠢᠶᠠᠷ ᠰᠢᠢᠳᠪᠦᠷᠢᠯᠡᠬᠦ ᠬᠡᠷᠡᠭᠲᠡᠶ᠃ ᠰᠦᠯᠵᠢᠶᠡᠨ ᠤ ᠬᠠᠮᠢᠶᠠᠷᠤᠯᠲᠠ ᠶᠢᠨ | ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠰᠦᠯᠵᠢᠶᠡᠨ ᠤ ᠦᠨᠡᠯᠡᠭᠴᠢ ᠶᠢᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠨ᠂ ᠪᠣᠳᠠᠲᠠᠶ ᠲᠠᠢ ᠪᠠᠨ ᠤᠶᠠᠯᠳᠤᠭᠤᠯᠤᠨ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠲᠥᠰᠦᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠰᠢᠨ᠎ᠡ ᠪᠠᠶᠢᠳᠠᠯ ᠤᠨ ᠳᠣᠤᠷᠠᠬᠢ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠴᠢᠳᠠᠪᠤᠷᠢ ᠪᠠᠨ ᠳᠡᠭᠡᠭᠰᠢᠯᠡᠭᠦᠯᠦᠨ᠂ ᠪᠥᠬᠦ ᠬᠤᠰᠢᠭᠤᠨ ᠤ | ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠬᠠᠷᠢᠴᠠᠯᠠᠰᠢᠭᠦᠶ ᠠᠮᠤᠷ ᠲᠦᠪᠰᠢᠨ ᠢ ᠪᠠᠲᠤᠯᠠᠬᠤ ᠬᠡᠷᠡᠭᠲᠡᠶ | ᠭᠡᠵᠡᠢ᠃ | | ᠤᠷᠴᠢᠭᠤᠯᠤᠭᠴᠢ᠄ ᠴᠡᠴᠡᠭ |